5 ᠳ᠋ᠤᠭᠠᠷ ᠰᠠᠷ᠎ᠠ ᠶᠢᠨ 31 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠺᠣᠮᠫᠠᠨᠢ ᠠᠴᠠ | ᠣᠶᠢᠯᠠᠭᠠᠭᠰᠠᠨ ᠢᠶᠠᠷ᠂ ᠵᠥᠩ ᠱᠠᠨ ᠵᠠᠮ ᠤᠨ ᠬᠤᠳᠠᠯᠳᠤᠭᠠᠨ ᠤ ᠲᠣᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ︱ ᠬᠠᠢ ᠯᠢᠶᠠᠩ ᠤᠨ | ᠴᠠᠬᠢᠯᠭᠠᠨ ᠴᠡᠨᠡᠭᠯᠡᠬᠦ ᠥᠷᠲᠡᠭᠡ ᠵᠢᠩᠬᠢᠨᠢ ᠪᠠᠷ ᠴᠠᠬᠢᠯᠭᠠᠨ ᠨᠡᠪᠲᠡᠷᠡᠨ ᠠᠰᠢᠭᠯᠠᠯᠲᠠ ᠳᠤ ᠣᠷᠣᠭᠤᠯᠬᠤ ᠨᠥᠬᠦᠴᠡᠯ ᠢ ᠪᠦᠷᠢᠳᠦᠭᠦᠯᠵᠦ᠂ 6 ᠳ᠋ᠤᠭᠠᠷ ᠰᠠᠷ᠎ᠠ ᠶᠢᠨ 1 ᠤ ᠡᠳᠦᠷ ᠲᠤᠷᠰᠢᠨ | ᠲᠣᠬᠢᠷᠠᠭᠤᠯᠵᠤ ᠳᠠᠭᠤᠰᠬᠠᠭᠠᠳ ᠵᠢᠩᠬᠢᠨᠢ ᠪᠠᠷ ᠭᠠᠳᠠᠭᠰᠢ ᠨᠡᠭᠡᠭᠡᠵᠦ ᠡᠵᠡᠩᠨᠡᠯᠲᠡ ᠪᠠᠨ ᠡᠬᠢᠯᠡᠭᠦᠯᠪᠡ᠃ | ᠣᠶᠢᠯᠠᠭᠠᠭᠰᠠᠨ ᠢᠶᠠᠷ᠂ ᠬᠠᠢ ᠯᠢᠶᠠᠩ ᠤᠨ ᠴᠠᠬᠢᠯᠭᠠᠨ ᠴᠡᠨᠡᠭᠯᠡᠬᠦ ᠥᠷᠲᠡᠭᠡ ᠨᠢ ᠴᠡᠴᠡᠷᠯᠢᠭ ᠵᠡᠭᠦᠨ ᠵᠠᠮ ᠤᠨ ᠪᠠᠷᠠᠭᠤᠨ ᠠᠮᠠᠰᠠᠷ᠂ ᠸᠠᠩ ᠹᠦ᠋ ᠵᠢᠩ ᠪᠦᠷᠢᠨ ᠪᠠᠷᠠᠭᠠᠲᠤ | ᠳᠡᠯᠭᠡᠭᠦᠷ ᠤᠨ ᠡᠰᠡᠷᠭᠦ ᠲᠠᠯ᠎ᠠ ᠶᠢᠨ ᠷᠦ ᠵᠢᠶᠠ ᠪᠠᠭᠤᠳᠠᠯ ᠤᠨ ᠬᠦᠷᠢᠶᠡᠨ ᠳᠤ ᠪᠠᠶᠢᠷᠢᠯᠠᠵᠤ᠂ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠪᠥᠬᠦ ᠬᠤᠲᠠ ᠶᠢᠨ | ᠬᠡᠪᠴᠢᠶᠡᠨ ᠳᠤ ᠪᠠᠶᠢᠭᠤᠯᠤᠭᠰᠠᠨ 21 ᠳ᠋ᠤᠭᠡᠷ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠪᠣᠯᠣᠨ᠎ᠠ᠃ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ | ᠺᠣᠮᠫᠠᠨᠢ ᠶᠢᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ ᠶᠢᠨ ᠳᠠᠭᠠᠭᠠᠮᠠᠯ ᠰᠢ ᠰᠢᠤᠸᠠᠢ ᠳ᠋ᠦᠩ ᠤᠨ ᠲᠠᠨᠢᠯᠴᠠᠭᠤᠯᠤᠭᠰᠠᠨ ᠢᠶᠠᠷ᠄ ︽ᠬᠠᠢ ᠯᠢᠶᠠᠩ ᠤᠨ ᠴᠠᠬᠢᠯᠭᠠᠨ ᠴᠡᠨᠡᠭᠯᠡᠬᠦ | ᠥᠷᠲᠡᠭᠡ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠴᠢᠳᠠᠮᠵᠢ ᠨᠢ 180KW ᠪᠠᠶᠢᠵᠤ᠂ ᠬᠤᠶᠠᠷ ᠴᠡᠨᠡᠭᠯᠡᠭᠦᠷ ᠲᠠᠢ ᠴᠠᠬᠢᠯᠭᠠᠨ ᠴᠡᠨᠡᠭᠯᠡᠬᠦ ᠱᠣᠩ ᠢ 3 ᠰᠠᠭᠤᠷᠢ | ᠲᠣᠬᠢᠷᠠᠭᠤᠯᠵᠠᠢ᠃ ᠲᠣᠰ ᠬᠡᠰᠡᠭ ᠭᠠᠵᠠᠷ ᠨᠢ ᠬᠤᠲᠠ ᠶᠢᠨ ᠲᠥᠪ ᠲᠤ ᠪᠠᠶᠢᠷᠢᠯᠠᠳᠠᠭ ᠪᠣᠯᠬᠤᠷ ᠡᠷᠬᠢᠨ ᠲᠣᠭᠤᠷᠢᠨ ᠳᠤᠨᠢ ᠮᠠᠰᠢ ᠣᠯᠠᠨ ᠲᠣᠮᠣ ᠬᠡᠯᠪᠡᠷᠢ ᠶᠢᠨ ᠬᠤᠳᠠᠯᠳᠤᠭᠠᠨ ᠤ | ᠲᠥᠪ᠂ ᠲᠠᠪᠤᠨ ᠣᠳᠣᠨ ᠲᠠᠰ ᠤᠨ ᠪᠠᠭᠤᠳᠠᠯ᠂ ᠳᠡᠭᠡᠳᠦ ᠲᠠᠰ ᠤᠨ ᠣᠷᠣᠨ ᠰᠠᠭᠤᠴᠠ᠂ 5A ᠠᠯᠪᠠᠯᠠᠬᠤ ᠠᠰᠠᠷ᠂ ᠬᠤᠳᠠᠯᠳᠤᠭᠠᠨ ᠤ ᠨᠡᠶᠢᠲᠡ ᠶᠢᠨ ᠪᠠᠶᠢᠷᠢ᠂ ᠬᠤᠳᠠᠯᠳᠤᠭᠠᠨ ᠤ | ᠵᠡᠭᠡᠯᠢ ᠲᠣᠭᠤᠷᠢᠭ ᠤᠳ ᠴᠤᠭᠯᠠᠷᠠᠵᠤ᠂ ᠴᠠᠬᠢᠯᠭᠠᠨ ᠬᠡᠷᠡᠭᠯᠡᠬᠦ ᠳᠠᠭᠠᠭᠠᠴᠠ ᠨᠢ ᠨᠡᠯᠢᠶᠡᠳ ᠪᠠᠴᠢᠮ ᠪᠠᠶᠢᠳᠠᠭ᠃ ᠣᠯᠠᠨ ᠤᠳᠠᠭ᠎ᠠ ᠬᠠᠷᠢᠶ᠎ᠠ ᠣᠷᠣᠨ ᠤ ᠴᠠᠬᠢᠯᠭᠠᠨ ᠬᠠᠩᠭᠠᠬᠤ ᠰᠠᠯᠠᠭ᠎ᠠ | ᠮᠥᠴᠢᠷ ᠲᠠᠢ ᠵᠥᠪᠳᠡᠯᠴᠡᠬᠦ ᠪᠠᠷ ᠳᠡᠮᠵᠢᠨ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠠᠴᠠ ᠬᠠᠢ ᠯᠢᠶᠠᠩ ᠤᠨ ᠴᠠᠬᠢᠯᠭᠠᠨ ᠴᠡᠨᠡᠭᠯᠡᠬᠦ ᠥᠷᠲᠡᠭᠡ ᠳᠤ 160KW ᠶᠢᠨ | ᠲᠠᠭᠠᠭᠠᠴᠠ ᠬᠠᠩᠭᠠᠵᠤ᠂ ᠨᠢᠭᠡᠨ ᠭᠦᠶᠦᠳᠡᠯ ᠰᠢᠯᠤᠭᠤᠳᠬᠠᠬᠤ ᠠᠪᠳᠠᠷ᠎ᠠ ᠪᠠᠷ ᠳᠠᠮᠵᠢᠭᠤᠯᠤᠨ ᠴᠠᠬᠢᠯᠭᠠᠨ ᠴᠡᠨᠡᠭᠯᠡᠬᠦ ᠱᠤᠩ ᠤᠨ ᠴᠠᠬᠢᠯᠭᠠᠨ ᠭᠦᠶᠦᠳᠡᠯ ᠢ ᠬᠢᠵᠠᠭᠠᠷᠯᠠᠵᠤ᠂ ᠥᠷᠭᠡᠨ | ᠣᠯᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢ ᠳᠤ ᠠᠮᠤᠷ ᠲᠦᠪᠰᠢᠨ᠂ ᠥᠨᠳᠥᠷ ᠪᠦᠲᠦᠮᠵᠢᠲᠡᠶ ᠴᠠᠬᠢᠯᠭᠠᠨ ᠴᠡᠨᠡᠭᠯᠡᠬᠦ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ | ᠡᠷᠬᠢᠨ ᠲᠣᠭᠤᠷᠢᠨ ᠤ ᠬᠤᠳᠠᠯᠳᠤᠭᠠᠨ ᠤ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠣᠷᠣᠨ ᠤ ᠬᠡᠪ ᠤᠨ ᠴᠠᠬᠢᠯᠭᠠᠨ ᠬᠡᠷᠡᠭᠯᠡᠯᠲᠡ ᠶᠢ ᠨᠥᠯᠥᠭᠡᠯᠡᠬᠦ ᠦᠭᠡᠢ ︾ ᠭᠡᠯᠡ᠃ | ᠣᠶᠢᠯᠠᠭᠠᠭᠰᠠᠨ ᠢᠶᠠᠷ᠂ ᠠᠯᠢ ᠡᠷᠲᠡ 2021 ᠣᠨ ᠳᠤ᠂ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠺᠣᠮᠫᠠᠨᠢ ᠵᠡᠭᠦᠨ ᠸᠠᠨ ᠳ᠋ᠠ ᠬᠤᠳᠠᠯᠳᠤᠭᠠᠨ ᠤ ᠲᠣᠭᠤᠷᠢᠭ ᠲᠤ | ᠨᠢᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠶᠡᠭᠡ ᠬᠡᠮᠵᠢᠶᠡᠨ ᠤ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢ ᠠᠳᠡ ᠢᠷᠡᠵᠦ ᠴᠠᠬᠢᠯᠭᠠᠨ ᠴᠡᠨᠡᠭᠯᠡᠳᠡᠭ᠃ ᠲᠣᠰ ᠤᠳᠠᠭ᠎ᠠ ᠵᠥᠩ ᠱᠠᠨ ᠵᠠᠮ ᠤᠨ ᠬᠤᠳᠠᠯᠳᠤᠭᠠᠨ ᠤ ᠲᠣᠭᠤᠷᠢᠭ ᠲᠤ ᠪᠠᠶᠢᠭᠤᠯᠤᠭᠰᠠᠨ | ᠬᠠᠢ ᠯᠢᠶᠠᠩ ᠤᠨ ᠴᠠᠬᠢᠯᠭᠠᠨ ᠴᠡᠨᠡᠭᠯᠡᠬᠦ ᠥᠷᠲᠡᠭᠡ ᠨᠢ ᠬᠠᠢ ᠯᠢᠶᠠᠩ ᠬᠤᠳᠠᠯᠳᠤᠭᠠᠨ ᠤ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢᠨ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ᠃ |