︽ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠱᠠᠩᠨᠠᠨ ᠬᠥᠬᠢᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/6/2
      ︵ᠰᠤᠷᠪᠤᠯᠵᠢᠯᠠᠭᠴᠢ ᠮᠢᠶᠣᠣ ᠰᠢᠨ︶ ᠣᠶᠢᠷ᠎ᠠ ᠳᠤ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ︽ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠱᠠᠩᠨᠠᠨ ᠬᠥᠬᠢᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠣᠷᠣᠯᠴᠠᠭᠰᠠᠨ ᠠᠮᠵᠢᠯᠲᠠ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ ᠦᠨᠡᠯᠡᠬᠦ ᠶᠢᠨ ᠬᠠᠮᠲᠤ ᠪᠦᠲᠦᠮᠵᠢᠲᠡᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠲᠤᠰᠬᠠᠢ ᠮᠡᠷᠭᠡᠵᠢᠯᠲᠡᠨ ᠤ ᠠᠵᠢᠯ ᠤᠨ ᠪᠠᠶᠢᠳᠠᠯ ᠪᠣᠯᠣᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ᠂ ᠣᠨᠣᠪᠴᠢᠲᠠᠢ᠂ ᠪᠤᠰᠤᠳᠴᠢ ᠂ ᠲᠥᠪ ᠭᠤᠣᠯᠴᠢ ᠪᠠᠷ ᠲᠤᠰᠬᠠᠵᠤ᠂ ᠲᠤᠰᠬᠠᠢ ᠮᠡᠷᠭᠡᠵᠢᠯᠲᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠣᠨ ᠪᠦᠲᠦᠭᠡᠯᠴᠢ ᠴᠢᠨᠠᠷ ᠢ ᠲᠠᠶᠢᠴᠢᠯᠠᠵᠤ ᠂ ᠲᠤᠰᠬᠠᠢ ᠮᠡᠷᠭᠡᠵᠢᠯᠲᠡᠨ ᠤ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠵᠠᠢ᠃      ᠲᠣᠰ ︽ᠨᠠᠷᠢᠨ ᠳᠦᠷᠢᠮ︾ ᠳᠤ ᠲᠤᠰᠬᠠᠢ ᠮᠡᠷᠭᠡᠵᠢᠯᠲᠡᠨ ᠬᠦᠨᠳᠦ ᠶᠡᠭᠡ ᠠᠳᠡᠯ ᠤᠨ ᠳᠠᠯᠳᠠ ᠬᠡᠮ ᠪᠠ ᠠᠶᠤᠯᠭᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠪᠦᠷᠢᠯᠡᠬᠦ ᠳᠤ ᠣᠷᠣᠯᠴᠠᠬᠤ ᠳᠠᠭᠠᠨ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠳᠤ ᠠᠳᠠᠯᠢ ᠪᠤᠰᠤ ᠲᠣᠭᠠᠨ ᠤ ᠵᠣᠭᠤᠰ ᠢᠶᠠᠷ ᠱᠠᠩᠨᠠᠨ᠎ᠠ ᠭᠡᠵᠦ ᠲᠣᠳᠣᠷᠬᠠᠢ ᠲᠣᠭᠲᠠᠭᠠᠵᠠᠢ᠃     ᠲᠣᠰ ︽ᠨᠠᠷᠢᠨ ᠳᠦᠷᠢᠮ︾ ᠢ ᠨᠡᠶᠢᠲᠡᠯᠡᠭᠰᠡᠨ ᠨᠢ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ  ᠵᠣᠷᠪᠤᠰ ᠴᠢᠩᠭ᠎ᠠ ᠠᠷᠭ᠎ᠠ ᠬᠡᠮᠵᠢᠶ᠎ᠡ ᠪᠠ ᠮᠠᠨ ᠤ ᠬᠤᠲᠠ ᠶᠢᠨ 60 ᠵᠣᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠨᠡᠶᠢᠭᠡᠮ ᠤᠨ ᠬᠢᠨᠠᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠨᠢ ᠯᠠᠪᠲᠠᠢ ᠶᠤᠮ᠃         ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ