1- 4 ᠳ᠋ᠤᠭᠡᠷ ᠰᠠᠷ᠎ᠠ ᠳᠤ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠠᠬ᠎ᠠ ᠳᠡᠯᠭᠡᠭᠦᠷ ᠳᠠᠬᠢᠨᠲᠠ ︽ᠬᠤᠣᠰ ᠲᠡᠷᠢᠭᠦᠨ︾ ᠢ ᠡᠭᠦᠳᠪᠡ
ᠨᠡᠶᠢᠲᠡᠯᠡᠭᠰᠡᠨ ᠴᠠᠭ᠄
2023/6/2
      ︵ᠰᠤᠷᠪᠤᠯᠵᠢᠯᠠᠭᠴᠢ ᠴᠡᠪᠡᠷᠬᠠᠰ︶ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠮᠠᠨ ᠤ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠪᠥᠬᠦ ᠲᠠᠯ᠎ᠠ ᠪᠠᠷ ᠰᠠᠶᠢᠵᠢᠷᠠᠵᠤ᠂ ᠵᠡᠭᠡᠯᠢ ᠭᠤᠳᠤᠮᠵᠢ ᠶᠢᠨ ︽ᠠᠮᠢᠳᠤᠷᠠᠯ ᠤᠨ ᠠᠭᠤᠷ ᠠᠮᠢᠰᠬᠤᠯ︾ ᠢᠳᠡᠭ ᠢᠳᠡᠭ ᠢᠶᠠᠷ ᠰᠡᠷᠬᠦᠵᠦ᠂ ᠬᠤᠳᠠᠯᠳᠤᠭᠠᠨ ᠤ ᠲᠣᠭᠤᠷᠢᠭ ᠲᠠᠰᠤᠷᠠᠯᠲᠠ ᠦᠭᠡᠢ ᠴᠡᠴᠡᠭᠯᠡᠨ ᠬᠥᠭᠵᠢᠭᠰᠡᠨ ᠨᠢ ᠬᠤᠲᠠ ᠶᠢᠨ ᠶᠡᠷᠦᠩᠬᠡᠢ ᠬᠡᠷᠡᠭᠯᠡᠭᠡᠨ ᠤ ᠪᠠᠶᠢᠳᠠᠯ ᠬᠥᠭᠵᠢᠶᠡᠨᠲᠡᠢ ᠪᠠᠶᠢᠬᠤ ᠶᠢ ᠬᠠᠷᠠᠭᠤᠯᠵᠤ᠂ ᠠᠵᠤ ᠠᠬᠤᠢ ᠶᠢᠨ ᠰᠡᠷᠭᠦᠯᠲᠡ ᠳᠤ ᠴᠤ᠋ ᠰᠢᠨ᠎ᠡ ᠠᠭᠤᠷ ᠠᠮᠢᠰᠬᠤᠯ ᠢ ᠠᠪᠴᠢᠷᠠᠭᠰᠠᠨ ᠪᠠᠶᠢᠨ᠎ᠠ᠃      1- 4 ᠳ᠋ᠤᠭᠡᠷ ᠰᠠᠷ᠎ᠠ ᠳᠤ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 361.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠨ᠂ ᠪᠥᠬᠦ ᠣᠷᠣᠨ ᠤ ᠨᠡᠮᠡᠭᠳᠡᠯ ᠤᠨ ᠬᠤᠷᠳᠤᠴᠠ ᠠᠴᠠ 5.0 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 6.2 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠲᠤᠭ᠎ᠠ ᠪᠠ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠵᠤ᠂ ᠨᠢᠭᠡᠳᠦᠭᠡᠷ ᠤᠯᠠᠷᠢᠯ ᠤᠨ ᠪᠥᠬᠦ ᠲᠤᠭ᠎ᠠ ᠪᠠ ᠨᠡᠮᠡᠭᠳᠡᠯ ᠤᠨ ᠬᠤᠷᠳᠤᠴᠠ ᠴᠦᠮ ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠭᠰᠠᠨ ᠨᠡᠮᠡᠭᠳᠡᠯ ᠤᠨ ᠪᠠᠶᠢᠳᠠᠯ ᠢ ᠪᠠᠲᠤᠯᠠᠵᠤ᠂ ︽ᠬᠤᠣᠰ ᠲᠡᠷᠢᠭᠦᠨ︾ ᠢ ᠳᠠᠬᠢᠨᠲᠠ ᠪᠡᠶᠡᠯᠡᠭᠦᠯᠪᠡ᠃         ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ