ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ 7 ᠳ᠋ᠤᠭᠠᠷ ᠰᠠᠷ᠎ᠠ ᠳᠤ ᠬᠥᠬᠡᠬᠤᠲᠠ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2023/6/2
      ︵ᠰᠤᠷᠪᠤᠯᠵᠢᠯᠠᠭᠴᠢ ᠯᠢᠶᠠᠩ ᠵᠢᠩ ᠱᠦ︶ 6 ᠳ᠋ᠤᠭᠠᠷ ᠰᠠᠷ᠎ᠠ ᠶᠢᠨ 1 ᠤ ᠡᠳᠦᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠬᠤᠷᠠᠯᠳᠤᠪᠠ᠃ ᠣᠶᠢᠯᠠᠭᠠᠭᠰᠠᠨ ᠢᠶᠠᠷ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠬᠦ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠤᠯᠭ᠎ᠠ ᠶᠢᠨ ᠬᠦᠴᠦᠨ ᠤ ᠶᠡᠭᠡ ᠬᠤᠷᠠᠯ 2023 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠬᠤ ᠪᠠᠷ ᠪᠠᠶᠢᠨ᠎ᠠ᠃ ᠶᠡᠭᠡ ᠬᠤᠷᠠᠯ ᠨᠢ ︽ᠪᠣᠬᠢᠷᠳᠤᠯ ᠦᠭᠡᠢ ᠪᠣᠳᠣᠯᠭ᠎ᠠ ᠤᠨ ᠬᠦᠴᠦᠨ ᠢ ᠠᠭᠤᠰᠤᠯᠴᠠᠭᠤᠯᠵᠤ᠂ ᠪᠦᠬᠦ ᠠᠵᠢᠯ ᠲᠦᠷᠦᠯ ᠳᠤ ᠴᠢᠳᠠᠪᠤᠷᠢ ᠣᠯᠭᠤᠬᠤ — ᠬᠠᠮᠤᠭ ᠤᠨ ᠬᠦᠴᠦᠷᠬᠡᠭ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠬᠠᠩᠭᠠᠭᠴᠢ ᠶᠢ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠦᠷ᠎ᠡ ᠪᠦᠲᠦᠭᠡᠯ ᠤᠨ ᠦᠵᠡᠭᠦᠯᠦᠯᠭᠡ ᠶᠢᠨ ᠴᠣᠩᠬᠤ ᠶᠢ ᠪᠠᠶᠢᠭᠤᠯᠵᠤ᠂ ︽ᠵᠡᠭᠦᠨ ᠤ ᠲᠤᠭ᠎ᠠ ᠪᠠᠷᠠᠭᠤᠨ ᠳᠤ ᠪᠣᠳᠤᠬᠤ︾ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠵᠠᠭᠪᠤᠷ ᠢ ᠪᠠᠶᠢᠭᠤᠯᠬᠤ ᠪᠠ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠰᠠᠭᠤᠷᠢ ᠪᠡᠯᠡᠳᠬᠡᠮᠵᠢ ᠶᠢᠨ ᠬᠥᠲᠥᠯᠥᠨ ᠳᠠᠭᠠᠭᠤᠯᠬᠤ ᠥᠨᠳᠦᠷᠯᠢᠭ ᠢ ᠪᠠᠶᠢᠭᠤᠯᠬᠤ ᠶᠢ ᠵᠣᠷᠢᠵᠠᠢ᠃      ᠶᠡᠭᠡ ᠬᠤᠷᠠᠯ ᠨᠢ ︽1+4+2︾ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ 1 ᠡᠬᠢᠯᠡᠯᠲᠡ ᠶᠢᠨ ᠶᠣᠰᠣᠯᠠᠯ ᠵᠢᠴᠢ ᠭᠤᠣᠯ ᠵᠤᠷᠢᠯᠳᠠᠳᠤ ᠶᠠᠷᠢᠶ᠎ᠠ ᠢᠯᠡᠳᠬᠡᠯ᠂ 4 ᠵᠡᠷᠭᠡᠴᠡᠭᠡ ᠬᠤᠷᠠᠯ᠂ 1 ᠲᠣᠭᠤᠷᠢᠭ ᠰᠢᠷᠡᠭᠡᠨ ᠤ ᠬᠡᠯᠡᠯᠴᠡᠭᠡ ᠪᠠ ᠶᠠᠶᠢᠯᠴᠠᠬᠤ ᠬᠤᠷᠠᠯ ᠪᠠ 1 ᠭᠤᠣᠯ ᠰᠡᠳᠦᠪᠲᠦ ᠲᠣᠭᠤᠷᠢᠨ ᠦᠵᠡᠬᠦ ᠠᠵᠢᠯᠯᠠᠭ᠎ᠠ 2 ᠠᠵᠢᠯᠯᠠᠭ᠎ᠠ ᠶᠢ ᠪᠠᠭᠲᠠᠭᠠᠭᠰᠠᠨ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ ᠪᠤᠢ᠃ 4 ᠵᠡᠷᠭᠡᠴᠡᠭᠡ ᠬᠤᠷᠠᠯ ᠨᠢ ᠪᠣᠬᠢᠷᠲᠤᠯ ᠦᠭᠡᠢ ᠡᠨᠧᠷᠭᠢ᠂ ᠪᠣᠳᠣᠯᠭ᠎ᠠ ᠶᠢᠨ ᠬᠦᠴᠦᠨ ᠤ ᠬᠥᠭᠵᠢᠯᠲᠡ᠂ ᠲᠤᠭ᠎ᠠ ᠪᠠᠷᠢᠮᠲᠠ ᠶᠢᠨ ᠥᠷᠲᠡᠭ ᠢ ᠡᠯᠧᠮᠧᠨ᠋ᠲᠵᠢᠭᠦᠯᠬᠦ‌‍ᠬᠦ᠋ᠷᠢᠶᠡᠨ ᠤ ᠲᠣᠭᠤᠷᠢᠨ ᠳᠤ᠂ ᠠᠵᠤ ᠦᠢᠯᠡᠰ ᠤᠨ ᠰᠤᠳᠤᠯᠭᠠᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠢᠴᠢ ᠳᠠᠭᠠᠭᠤᠯᠤᠭᠴᠢ ᠠᠵᠤ ᠠᠬᠤᠶᠢᠯᠠᠯ ᠢ ᠤᠷᠢᠵᠤ ᠠᠵᠤ ᠦᠢᠯᠡᠰ ᠤᠨ ᠬᠠᠨᠳᠤᠰᠢ ᠪᠣᠯᠣᠨ ᠮᠡᠷᠭᠡᠵᠢᠯ ᠤᠨ ᠦᠢᠯᠡᠳᠦᠯᠭᠡ ᠶᠢ ᠬᠤᠪᠢᠶᠠᠯᠴᠠᠨ᠎ᠠ᠃ ︽ᠬᠥᠬᠡᠬᠤᠲᠠ ᠲᠤᠭ᠎ᠠ ᠶᠢ ᠦᠬᠦᠯᠡᠭᠦᠢ︾ ᠲᠣᠭᠤᠷᠢᠭ ᠰᠢᠷᠡᠭᠡᠨ ᠤ ᠬᠡᠯᠡᠯᠴᠡᠭᠡ ᠳᠤ ᠪᠥᠬᠦ ᠤᠯᠤᠰ ᠤᠨ ᠨᠢᠭᠡ ᠴᠣᠭᠴᠠᠵᠢᠭᠰᠠᠨ ᠪᠣᠳᠤᠯᠭ᠎ᠠ ᠶᠢᠨ ᠬᠦᠴᠦᠨ ᠤ ᠰᠦᠯᠵᠢᠶᠡᠨ ᠤ ᠵᠠᠩᠭᠢᠯᠠᠭ᠎ᠠ ᠶᠢᠨ ᠴᠡᠭ ᠤᠨ ᠲᠤᠭ᠎ᠠ ᠪᠠᠷᠢᠮᠲᠠ ᠶᠢᠨ ᠲᠥᠪ ᠤᠨ ᠵᠠᠰᠠᠭ ᠤᠨ ᠣᠷᠳᠣᠨ ᠤ ᠲᠥᠯᠥᠭᠡᠯᠡᠭᠴᠢ ᠶᠢ ᠤᠷᠢᠨ ᠣᠷᠣᠯᠴᠠᠭᠤᠯᠵᠤ᠂ ᠪᠣᠳᠤᠯᠭ᠎ᠠ ᠶᠢᠨ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢᠶᠠᠨ ᠰᠣᠯᠢᠯᠴᠠᠵᠤ᠂ ᠲᠤᠷᠰᠢᠯᠭ᠎ᠠ ᠠᠷᠭ᠎ᠠ ᠬᠢᠳᠡᠯ ᠢᠶᠠᠨ ᠬᠤᠪᠢᠶᠠᠯᠴᠠᠬᠤ ᠶᠢᠨ ᠬᠠᠮᠲᠤ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠪᠠ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠬᠤ ᠪᠣᠯᠣᠨ᠎ᠠ᠃ ᠡᠭᠦᠨ ᠠᠴᠠ ᠭᠠᠳᠠᠨ᠎ᠠ᠂ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠬᠤᠷᠢᠨᠭᠡᠷ ᠤᠨ ᠠᠶᠠᠯᠠᠯ ᠤᠨ ᠠᠵᠢᠯᠯᠠᠭ᠎ᠠ ᠨᠢ ᠠᠵᠢᠯ ᠲᠥᠷᠥᠯ ᠤᠨ ᠳᠣᠲᠣᠷᠠᠬᠢ ᠬᠥᠮᠥᠰ ᠢ ᠳᠠᠭᠠᠭᠤᠯᠤᠨ ᠬᠤᠷᠢᠨᠭᠡᠷ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠠᠵᠤ ᠦᠢᠯᠡᠰ ᠤᠨ ᠰᠠᠭᠤᠷᠢᠨ ᠭᠠᠵᠠᠷ ᠪᠠ ᠰᠢᠨ᠎ᠡ ᠶᠢ ᠡᠭᠦᠳᠬᠦ ᠲᠠᠯᠠᠪᠤᠷ ᠭᠠᠵᠠᠷ ᠢ ᠲᠣᠭᠤᠷᠢᠨ ᠦᠵᠡᠵᠦ᠂ ᠬᠤᠷᠢᠨᠭᠡᠷ ᠰᠢᠨ᠎ᠡ ᠲᠣᠭᠤᠷᠢᠭ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠳᠤ ᠪᠣᠶ ᠪᠣᠯᠭᠠᠵᠤ ᠥᠭᠭᠦᠭᠰᠡᠨ ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠢᠴᠢ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠭᠡᠮᠨᠡᠷᠡᠯ ᠤᠨ ᠪᠦᠲᠦᠭᠡᠨ ᠪᠠᠶᠢᠭᠤᠯᠤᠯᠲᠠ ᠳᠤ ᠣᠯᠣᠭᠰᠠᠨ ᠢᠯᠡᠳᠲᠡ ᠦᠷ᠎ᠡ ᠪᠦᠲᠦᠭᠡᠯ ᠢ ᠣᠶᠢᠯᠠᠭᠠᠬᠤ ᠪᠣᠯᠣᠨ᠎ᠠ᠃      ᠲᠣᠰ ᠤᠳᠠᠭᠠᠨ ᠤ ᠶᠡᠭᠡ ᠬᠤᠷᠠᠯ ᠳᠤ ᠤᠯᠤᠰ ᠤᠨ ᠬᠤᠯᠪᠤᠭᠳᠠᠯ ᠪᠦᠬᠦᠢ ᠶᠠᠮᠤᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠪᠣᠳᠤᠯᠭ᠎ᠠ ᠶᠢᠨ ᠬᠦᠴᠦᠨ ᠤ ᠵᠠᠩᠭᠢᠯᠠᠭ᠎ᠠ ᠶᠢᠨ ᠴᠡᠭ ᠤᠨ ᠪᠦᠭᠡᠮᠨᠡᠷᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠠᠺᠠᠳᠧᠮᠢᠴᠢ᠂ ᠲᠤᠰᠬᠠᠢ ᠮᠡᠷᠭᠡᠵᠢᠯᠲᠡᠨ᠂ ᠪᠣᠬᠢᠷᠲᠤᠯ ᠦᠭᠡᠢ ᠪᠣᠳᠤᠯᠭ᠎ᠠ ᠶᠢᠨ ᠬᠦᠴᠦᠨ ᠤ ᠠᠵᠤ ᠦᠢᠯᠡᠰ ᠤᠨ ᠬᠠᠷᠢᠭᠤᠴᠠᠯᠭᠠᠲᠠᠨ ᠨᠠᠷ ᠢ ᠤᠷᠢᠵᠤ ᠣᠷᠤᠯᠴᠠᠭᠤᠯᠬᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ