︵ᠰᠤᠷᠪᠤᠯᠵᠢᠯᠠᠭᠴᠢ ᠶᠦᠨ ᠶᠠᠨ ᠹᠠᠩ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠷᠣᠨ ᠰᠠᠭᠤᠴᠠ ᠶᠢᠨ | ᠪᠠᠲᠤᠯᠠᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠤᠰᠢᠶᠠᠵᠤ ᠪᠠᠶᠢᠭ᠎ᠠ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠬᠠᠳᠠᠨ | ᠬᠡᠷᠡᠭᠴᠡᠭᠡ ᠶᠢ ᠳᠡᠮᠵᠢᠬᠦ ᠶᠢᠨ ᠲᠥᠯᠥᠭᠡ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠯᠠᠨ | ᠵᠦᠢᠯ ᠤᠨ ᠠᠷᠭ᠎ᠠ ᠬᠡᠮᠵᠢᠶ᠎ᠡ ᠬᠡᠷᠡᠭᠯᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠦᠷ᠎ᠡ | ᠠᠰᠢᠭᠯᠠᠮᠵᠢ ᠶᠢ ᠳᠡᠭᠡᠭᠰᠢᠯᠡᠭᠦᠯᠵᠦ ᠪᠠᠶᠢᠨ᠎ᠠ᠃ | ᠲᠥᠪ ᠨᠢ ︽ᠬᠤᠳᠠᠯᠳᠤᠭᠠᠨ ᠤ ᠵᠢᠭᠡᠯᠡᠯᠭᠡ ᠶᠢ ᠬᠤᠷᠠᠮᠳᠤᠭᠤᠯᠭ᠎ᠠ ᠶᠢᠨ ᠵᠢᠭᠡᠯᠡᠯᠭᠡ ᠪᠣᠯᠭᠠᠨ ᠬᠤᠪᠢᠷᠠᠭᠤᠯᠬᠤ︾ ᠰᠢᠭᠤᠳ ᠰᠢᠯᠵᠢᠭᠦᠯᠬᠦ ᠲᠤᠬᠠᠶᠢᠯᠠᠭᠰᠠᠨ | ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠪᠠ ᠨᠠᠶᠢᠳᠠᠯᠭ᠎ᠠ ᠬᠦᠯᠢᠶᠡᠭᠰᠡᠨ ᠪᠠᠩᠬᠢ ᠶᠢ ᠵᠣᠬᠢᠴᠠᠭᠤᠯᠬᠤ ᠪᠠᠷ ᠳᠠᠮᠵᠢᠭᠤᠯᠤᠨ᠂ ᠲᠠᠰ | ᠳᠠᠷᠠᠭᠠᠯᠠᠯ ᠢᠶᠠᠷ ᠪᠠᠷᠢᠴᠠᠭᠠᠯᠠᠬᠤ᠂ ᠳᠣᠲᠣᠭᠠᠳᠤ ᠳᠠᠭᠠᠨ ᠰᠢᠯᠵᠢᠭᠦᠯᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠷᠣᠯᠠᠨ ᠲᠥᠯᠥᠬᠦ | ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠵᠢᠭᠡᠯᠡᠯᠭᠡ ᠶᠢ ᠰᠢᠭᠤᠳ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠨ ᠬᠤᠪᠢᠷᠠᠭᠤᠯᠵᠤ᠂ ᠲᠤᠰᠢᠶᠠᠵᠤ ᠪᠠᠶᠢᠭ᠎ᠠ ᠠᠵᠢᠯᠲᠠᠨ ᠠᠵᠢᠯᠴᠢᠨ ᠤ ᠵᠢᠭᠡᠯᠡᠯᠭᠡ ᠪᠠᠨ ᠰᠣᠯᠢᠬᠤ | ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ︔ ᠡᠭᠦᠨ ᠤ ᠬᠠᠮᠲᠤ᠂ ᠲᠥᠪ ᠠᠴᠠ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠢ ᠢᠳᠡᠪᠬᠢᠲᠡᠢ ᠬᠡᠷᠡᠭᠵᠢᠭᠦᠯᠵᠦ᠂ ᠬᠤᠳᠠᠯᠳᠤᠭᠠᠨ ᠤ ᠪᠠᠩᠬᠢ ᠲᠠᠢ ᠠᠳᠠᠯᠢ ᠨᠢᠭᠡᠨ ᠳᠠᠭᠠᠭᠠᠯᠲᠠ ᠶᠢᠨ ᠠᠷᠭ᠎ᠠ ᠮᠠᠶ᠋ᠢᠭ᠂ ᠠᠳᠠᠯᠢ ᠨᠢᠭᠡᠨ | ᠴᠠᠭ ᠲᠤ ᠲᠠᠷᠬᠠᠭᠠᠬᠤ᠂ ᠠᠳᠠᠯᠢ ᠨᠢᠭᠡᠨ ᠴᠠᠭ ᠲᠤ ᠪᠤᠴᠠᠭᠠᠬᠤ᠂ ᠠᠳᠠᠯᠢ ᠨᠢᠭᠡᠨ ᠵᠢᠭᠡᠯᠡᠯᠭᠡ ᠶᠢᠨ ᠬᠤᠭᠤᠴᠠᠭ᠎ᠠ ᠶᠢᠨ ᠠᠷᠭ᠎ᠠ ᠮᠠᠶ᠋ᠢᠭ ᠢ ᠠᠪᠴᠤ᠂ ᠴᠢᠬᠤᠯᠠ | ᠨᠥᠬᠦᠴᠡᠯ ᠢ ᠳᠥᠭᠦᠮᠴᠢᠯᠡᠨ᠂ ᠶᠠᠪᠤᠴᠠ ᠶᠢ ᠰᠢᠯᠢᠳᠡᠭᠵᠢᠭᠦᠯᠵᠦ᠂ ᠬᠤᠳᠠᠯᠳᠤᠭᠠᠨ ᠤ ᠪᠠᠩᠬᠢ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠵᠡᠷᠭᠡ ᠭᠤᠷᠪᠠᠨ | ᠲᠠᠯ᠎ᠠ ᠶᠢᠨ ᠬᠠᠷᠢᠭᠤᠴᠠᠯᠭᠠᠲᠤ ᠭᠤᠣᠯ ᠴᠣᠭᠴᠠ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠲᠠᠢ ᠪᠣᠯᠵᠤ᠂ ᠬᠦᠴᠦ ᠪᠠᠨ ᠬᠠᠮᠲᠤᠳᠬᠠᠨ | ᠬᠠᠮᠲᠤᠷᠠᠯᠴᠠᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠨ᠂ 2023 ᠣᠨ ᠤ 1 ︱ 5 ᠳ᠋ᠤᠭᠠᠷ ᠰᠠᠷ᠎ᠠ ᠳᠤ᠂ ᠲᠤᠰᠢᠶᠠᠵᠤ ᠪᠠᠶᠢᠭ᠎ᠠ 5453 ᠠᠵᠢᠯᠲᠠᠨ ᠠᠵᠢᠯᠴᠢᠨ ᠳᠤ ᠨᠡᠶᠢᠲᠡ 24.48 | ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠵᠤ᠂ 48.32 ᠳ᠋ᠦᠩᠰᠢᠭᠤᠷ | ᠲᠥᠭᠦᠷᠢᠭ ᠤᠨ ᠭᠡᠷ ᠪᠠᠶᠢᠰᠢᠩ ᠬᠤᠳᠠᠯᠳᠤᠨ ᠠᠪᠬᠤ ᠶᠢ ᠳᠠᠶᠢᠴᠢᠯᠠᠵᠤ᠂ 55.24 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠬᠤᠳᠠᠯᠳᠤᠨ | ᠠᠪᠬᠤ ᠶᠢ ᠳᠠᠶᠢᠴᠢᠯᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠬᠢᠨ ᠣᠯᠠᠨ | ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠭᠦᠶᠦᠬᠦ ᠨᠢ ᠣᠯᠠᠨ᠂ ᠮᠠᠲ᠋ᠧᠷᠢᠶᠠᠯ ᠣᠯᠠᠨ᠂ ᠴᠠᠭ ᠨᠢ ᠣᠷᠳᠣ ᠵᠡᠷᠭᠡ ᠲᠦᠪᠡᠭᠲᠡᠢ ᠠᠰᠠᠭᠤᠳᠠᠯ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ 2023 ᠣᠨ ᠤ ᠳᠣᠲᠣᠷ᠎ᠠ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢᠨ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠴᠢᠳᠠᠮᠵᠢ ᠶᠢ ᠨᠡᠭᠡᠭᠡᠵᠦ᠂ ︽ᠴᠤᠭᠯᠠᠭᠤᠯᠬᠤ᠂ ᠭᠠᠷᠭᠠᠨ ᠠᠪᠬᠤ᠂ | ᠵᠢᠭᠡᠯᠡᠯᠭᠡ ᠥᠭᠬᠦ︾ ᠭᠤᠷᠪᠠᠨ ᠶᠡᠭᠡ ᠲᠤᠬᠠᠶᠢᠯᠠᠭᠰᠠᠨ ᠠᠵᠢᠯ ᠤᠨ ᠬᠠᠪᠲᠠᠭᠠᠢ ᠶᠢᠨ ︽ᠪᠦᠬᠦᠨ ᠢ ᠡᠭᠦᠯᠡᠨ ᠳᠡᠭᠡᠷ᠎ᠡ ᠪᠥᠭᠡᠮᠨᠡᠷᠡᠭᠦᠯᠬᠦ︾ ᠬᠠᠷᠠᠯᠲᠠ ᠶᠢ | ᠪᠡᠶᠡᠯᠡᠭᠦᠯᠬᠦ ᠪᠠᠷ ᠴᠢᠷᠮᠠᠶᠢᠨ᠎ᠠ᠃ |