| | | ᠣᠶᠢᠷ᠎ᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠨ᠎ᠡ ᠬᠤᠲᠠ ᠲᠣᠭᠤᠷᠢᠭ ᠤᠨ | ᠣᠪᠣᠭ᠎ᠠ ᠲᠣᠰᠬᠤᠨ ᠳᠤ ᠬᠦᠷᠴᠦ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ | ᠬᠠᠷᠢᠯᠴᠠᠭᠠᠨ ᠤ ᠠᠶᠤᠯᠭᠦᠢ ᠶᠢᠨ ᠲᠣᠭᠤᠷᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠵᠢᠷᠤᠭ ᠪᠣᠯ ᠠᠵᠢᠯᠯᠠᠭ᠎ᠠ ᠶᠢᠨ ᠳᠤᠮᠳᠠ᠂ ᠢᠦᠢ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠭᠢ ᠶᠢᠨ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ | ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠵᠠᠮ ᠬᠠᠷᠢᠯᠴᠠᠭᠠᠨ ᠤ ᠠᠶᠤᠯᠭᠦᠢ ᠶᠢᠨ ᠮᠡᠳᠡᠯᠭᠡ ᠶᠢ | ᠤᠬᠠᠭᠤᠯᠵᠤ᠂ ᠥᠷᠭᠡᠨ ᠣᠯᠠᠨ ᠵᠠᠮ ᠬᠠᠷᠢᠯᠴᠠᠭᠠᠨ ᠳᠤ ᠣᠷᠣᠯᠴᠠᠭᠰᠠᠳ ᠤᠨ ᠠᠶᠤᠯᠭᠦᠢ ᠪᠠᠷ ᠶᠠᠪᠤᠵᠤ ᠰᠠᠭᠤᠬᠤ | ᠤᠬᠠᠮᠰᠠᠷ ᠢ ᠪᠣᠶ ᠪᠣᠯᠭᠠᠵᠤ᠂ ᠪᠣᠯᠪᠠᠰᠤᠨ ᠵᠠᠮ ᠬᠠᠷᠢᠯᠴᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠵᠠᠮ | ᠬᠠᠷᠢᠯᠴᠠᠭᠠᠨ ᠤ ᠠᠶᠤᠯᠭᠦᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ | ᠪᠣᠯᠪᠠᠰᠤᠨ ᠵᠠᠮ ᠬᠠᠷᠢᠯᠴᠠᠭᠠᠨ ᠤ ᠣᠷᠣᠯᠴᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ ᠰᠠᠨᠠᠭᠠᠴᠢᠯᠠᠵᠠᠢ᠃ | ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ |