︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ | ᠂ ᠪᠥᠬᠦ ᠬᠤᠲᠠ ᠶᠢᠨ 993 ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ 656 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠨᠢᠭᠡᠨᠲᠡ ᠣᠨ ᠤ ᠲᠥᠯᠥᠪᠯᠡᠭᠡ ᠶᠢᠨ 50% ᠠᠴᠠ ᠳᠠᠪᠠᠭᠰᠠᠨ ᠪᠠᠶᠢᠨ᠎ᠠ᠃ ᠡᠭᠦᠨ ᠳᠤ᠂ ᠬᠤᠰᠢᠭᠤ ᠰᠢᠶᠠᠨ ᠲᠣᠭᠤᠷᠢᠭ ᠤᠨ ᠪᠠᠶᠢᠭᠤᠯᠵᠤ | ᠪᠠᠶᠢᠭ᠎ᠠ 912 ᠲᠥᠷᠥᠯ ᠵᠦᠢᠯ 571 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠳᠤᠮᠳᠠᠴᠢ ᠪᠡᠯᠡ ᠣᠷᠣᠭᠤᠯᠤᠯᠲᠠ ᠶᠢᠨ | ᠠᠬᠢᠴᠠ ᠨᠢ 57.1% ᠳᠤ ᠬᠦᠷᠪᠡ︔ ᠬᠤᠲᠠ ᠶᠢᠨ ᠲᠣᠰ ᠱᠠᠲᠤᠨ ᠤ ᠪᠠᠶᠢᠭᠤᠯᠵᠤ ᠪᠠᠶᠢᠭ᠎ᠠ 81 ᠲᠥᠷᠥᠯ ᠵᠦᠢᠯ 85 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠠᠬᠢᠴᠠ ᠨᠢ 28.5% ᠳᠤ ᠬᠥᠷᠪᠡ᠃ ᠳᠠᠷᠠᠭᠠᠴᠢ ᠶᠢᠨ ᠠᠯᠬᠤᠮ ᠳᠤ ᠬᠤᠳᠠ ᠶᠢᠨ | ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠦᠴᠦᠨ | ᠵᠦᠢᠯ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠮᠥᠷᠳᠡᠨ ᠬᠢᠨᠠᠨ ᠬᠡᠮᠵᠢᠬᠦ ᠶᠢ ᠴᠢᠩᠭᠠᠳᠬᠠᠵᠤ᠂ | ᠨᠡᠩ ᠤᠯᠠᠨ ᠪᠣᠳᠠᠲᠤ ᠵᠦᠢᠯ ᠤᠨ ᠬᠡᠮᠵᠢᠶ᠎ᠡ ᠪᠠ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠪᠡᠶᠡᠯᠡᠭᠦᠯᠬᠦ ᠶᠢ ᠠᠬᠢᠭᠤᠯᠤᠨ᠎ᠠ᠃ |