ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢ ᠭᠤᠶᠤᠴᠢᠯᠠᠵᠤ ᠡᠬᠢᠯᠡᠪᠡ
ᠨᠡᠶᠢᠲᠡᠯᠡᠭᠰᠡᠨ ᠴᠠᠭ᠄
2023/6/25
      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠴᠢᠳᠠᠪᠤᠷᠢᠲᠠᠨ ᠤᠷᠢᠬᠤ ᠲᠥᠷᠥ ᠶᠢᠨ ᠪᠣᠳᠣᠯᠭ᠎ᠠ ᠪᠠᠷ ᠴᠢᠳᠠᠪᠤᠷᠢᠲᠠᠨ ᠤ ᠠᠵᠢᠯ ᠣᠯᠵᠤ ᠦᠢᠯᠡᠰ ᠪᠤᠰᠬᠠᠬᠤ ᠶᠢ ᠳᠡᠮᠵᠢᠬᠦ ᠢᠵᠢ ᠪᠦᠷᠢᠳᠦᠭᠦᠯᠬᠦ 10 ᠵᠤᠷᠪᠤᠰ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠳᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠳᠤ ᠲᠥᠬᠦᠮ ᠦᠵᠡᠭᠦᠯᠬᠦ ᠶᠢᠨ ᠲᠤᠰᠠᠳᠠ᠂ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠣᠯᠲᠤ ᠪᠣᠷᠣ ᠶᠢᠨ ᠦᠨᠳᠦᠰᠦ︾ APP ᠢᠶᠠᠷ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠢ ᠨᠢᠭᠡᠨᠲᠡ ᠡᠬᠢᠯᠡᠭᠦᠯᠪᠡ᠃      ᠲᠠᠨᠢᠯᠴᠠᠭᠤᠯᠤᠭᠰᠠᠨ ᠢᠶᠠᠷ᠂ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠨᠥᠬᠦᠪᠦᠷᠢ ᠣᠯᠭᠤᠬᠤ ᠭᠡᠳᠡᠭ ᠨᠢ᠂ ᠬᠥᠬᠡᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢᠨ ᠬᠠᠮᠲᠤ 3 ᠰᠠᠷ᠎ᠠ ᠵᠢᠴᠢ ᠲᠡᠬᠦᠨ ᠠᠴᠠ ᠳᠡᠭᠡᠭᠰᠢ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤᠰᠢᠶᠠᠬᠰᠠᠨ᠂ ᠲᠡᠭᠦᠰᠦᠭᠡᠳ 2 ᠵᠢᠯ ᠬᠡᠲᠦᠷᠡᠭᠡᠳᠦᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ 2021 ᠣᠨ ᠤ 6 ᠰᠠᠷ᠎ᠠ ᠶᠢᠨ 22 ᠤᠨ ᠡᠳᠦᠷ ᠵᠢᠴᠢ ᠲᠡᠭᠦᠨ ᠠᠴᠠ ᠰᠡᠭᠦᠯᠡᠷ ᠥᠪᠡᠰᠦᠪᠡᠨ ᠭᠡᠷ ᠪᠠᠶᠢᠰᠢᠩ ᠲᠦᠷᠢᠶᠡᠰᠦᠯᠡᠭᠰᠡᠨ ᠪᠤᠯ ᠨᠥᠬᠦᠪᠦᠷᠢ ᠭᠤᠶᠤᠴᠢᠯᠠᠵᠤ ᠪᠣᠯᠣᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠤᠶᠤᠲᠠᠨ ᠳᠤ ᠲᠣᠰᠪᠦᠷᠢ ᠰᠠᠷ᠎ᠠ ᠳᠤ 1000 ᠲᠥᠭᠦᠷᠢᠭ᠂ 800 ᠲᠥᠭᠦᠷᠢᠭ᠂ 500 ᠲᠥᠭᠦᠷᠢᠭ ᠨᠥᠬᠦᠪᠦᠷᠢᠯᠡᠵᠦ᠂ ᠨᠥᠬᠦᠪᠦᠷᠢ ᠶᠢᠨ ᠬᠤᠭᠤᠴᠠᠭ᠎ᠠ ᠶᠢᠨ ᠬᠢᠵᠠᠭᠠᠷ ᠢ 24 ᠰᠠᠷ᠎ᠠ ᠠᠴᠠ ᠬᠡᠲᠦᠷᠡᠭᠦᠯᠬᠦ ᠦᠭᠡᠢ᠃      2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠬᠤᠳᠠᠯᠳᠤᠨ ᠠᠪᠬᠤ ᠨᠥᠬᠦᠪᠦᠷᠢ ᠪᠣᠯ ᠬᠥᠬᠡᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢᠨ ᠬᠠᠮᠲᠤ᠂ ᠬᠠᠤᠯᠢ ᠶᠣᠰᠣᠭᠠᠷ 12 ᠰᠠᠷ᠎ᠠ ᠵᠢᠴᠢ ᠲᠡᠭᠦᠨ ᠠᠴᠠ ᠳᠡᠭᠡᠭᠰᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤᠰᠢᠶᠠᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ ᠰᠤᠷᠤᠭᠴᠢᠳ᠂ ᠲᠡᠭᠦᠰᠦᠭᠰᠡᠨ ᠤ ᠳᠠᠷᠠᠭ᠎ᠠ 5 ᠵᠢᠯ ᠤᠨ ᠳᠣᠲᠣᠷ᠎ᠠ ᠠᠩᠬ᠎ᠠ ᠤᠳᠠᠭ᠎ᠠ ᠬᠤᠲᠠ ᠶᠢᠨ ᠬᠡᠪᠴᠢᠶᠡᠨ ᠳᠤ ᠤᠷᠤᠨ ᠰᠠᠭᠤᠴᠠ ᠬᠤᠳᠠᠯᠳᠤᠨ ᠠᠪᠤᠭᠰᠠᠨ ᠪᠥᠭᠡᠳ ᠬᠤᠳᠠᠯᠳᠤᠨ ᠠᠪᠤᠭᠰᠠᠨ ᠴᠠᠭ ᠨᠢ 2021 ᠣᠨ ᠤ 6 ᠰᠠᠷ᠎ᠠ ᠶᠢᠨ 22 ᠤᠨ ᠡᠳᠦᠷ ᠵᠢᠴᠢ ᠲᠡᠭᠦᠨ ᠠᠴᠠ ᠰᠡᠭᠦᠯᠡᠷ ᠪᠤᠯ ᠨᠥᠬᠦᠪᠦᠷᠢ ᠭᠤᠶᠤᠴᠢᠯᠠᠵᠤ ᠪᠣᠯᠣᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠤᠷᠤᠭᠴᠢ ᠳᠤ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠨᠥᠬᠦᠪᠦᠷᠢ ᠥᠭᠭᠦᠨ᠎ᠡ᠃      2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ ᠤᠳᠤ ᠠᠴᠠ ᠡᠬᠢᠯᠡᠨ 2024 ᠣᠨ ᠤ 1 ᠰᠠᠷ᠎ᠠ ᠪᠣᠯᠲᠠᠯ᠎ᠠ ᠦᠷᠬᠦᠯᠵᠢᠯᠡᠵᠦ᠂ ᠰᠠᠷ᠎ᠠ ᠪᠦᠷᠢ ᠶᠢᠨ 10 ᠠᠴᠠ 20 ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠨ᠎ᠡ᠃ ᠭᠤᠶᠤᠴᠢᠯᠠᠭᠴᠢ ᠨᠢ ︽ᠭᠤᠣᠯᠲᠤ ᠪᠣᠷᠣ ᠶᠢᠨ ᠦᠨᠳᠦᠰᠦ︾ APP ᠳᠤ ᠭᠤᠶᠤᠴᠢᠯᠠᠬᠤ ᠮᠠᠲ᠋ᠧᠷᠢᠶᠠᠯ ᠢᠶᠠᠨ ᠲᠠᠭᠯᠠᠨ ᠮᠡᠳᠡᠭᠦᠯᠵᠦ᠂ ᠬᠢᠨᠠᠨ ᠬᠠᠷᠭᠤᠭᠤᠯᠤᠭᠰᠠᠨ ᠠᠬᠢᠴᠠ ᠶᠢ ᠮᠥᠨ ᠰᠦᠯᠵᠢᠶᠡᠨ ᠳᠡᠭᠡᠷ᠎ᠡ ᠦᠵᠡᠨ᠎ᠡ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ