︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ︾ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/6/25
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠧᠨ ᠨᠠᠷᠠᠨᠳᠤᠩᠭᠠᠯᠠᠭ︶ ᠲᠦᠷᠦᠬᠦᠬᠡᠨ᠂ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠶ ᠬᠢᠭᠡᠳ ᠬᠥᠬᠡᠬᠤᠲᠠ ᠶᠢᠨ ᠲᠤᠷᠰᠢᠯᠲᠠ ᠶᠢᠨ ᠰᠤᠷᠭᠠᠨ ᠬᠥᠮᠦᠵᠢᠯ ᠤᠨ ᠪᠦᠯᠦᠭᠯᠡᠯ ᠬᠠᠮᠲᠤᠷᠠᠨ ︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ 300 ᠭᠠᠷᠤᠶ ᠰᠤᠷᠤᠭᠴᠢ᠂ ᠬᠡᠷ ᠤᠨ ᠠᠬᠠᠮᠠᠳ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠣᠯᠠᠨ ᠢᠶᠠᠷ ᠢᠶᠠᠨ ᠲᠠᠶᠢᠯᠪᠤᠷᠢᠯᠠᠭᠴᠢ ᠶᠢ ᠳᠠᠭᠠᠵᠤ ᠠᠳᠤᠭᠤᠨ ᠰᠣᠶᠣᠯ ᠤᠷᠠᠯᠢᠭ ᠤᠨ ᠦᠵᠡᠭᠦᠯᠭᠡ ᠶᠢᠨ ᠣᠷᠳᠣᠨ ᠳᠤ ᠣᠷᠣᠵᠤ᠂ ᠮᠣᠷᠢᠨ ᠤᠷᠤᠯᠳᠤᠭᠠᠨ ᠤ ᠲᠠᠯᠠᠪᠠᠶ ᠶᠢᠨ ᠬᠦᠭᠵᠢᠯᠳᠡ ᠬᠤᠪᠢᠷᠠᠯᠳᠠ ᠶᠢ ᠨᠠᠷᠢᠨ ᠬᠢᠨᠠᠮᠠᠭᠠᠶ ᠰᠣᠨᠣᠰᠴᠤ᠂ ᠮᠣᠷᠢᠨ ᠮᠡᠷᠭᠡᠵᠢᠯ ᠤᠨ ᠮᠡᠳᠡᠯᠭᠡ ᠶᠢᠨ ᠣᠬᠤᠷ ᠹᠢᠯᠢᠮ ᠢ ᠰᠤᠨᠢᠷᠬᠠᠵᠦ᠂ ᠠᠳᠤᠭᠤᠨ ᠰᠣᠶᠣᠯ ᠤᠨ ᠬᠠᠮᠢᠶ᠎ᠠ ᠪᠥᠬᠦᠶ ᠮᠡᠳᠡᠯᠭᠡ ᠶᠢ ᠣᠶᠢᠯᠠᠭᠠᠪᠠ᠃ ᠳᠠᠷᠠᠭ᠎ᠠ ᠨᠢ᠂ ᠰᠤᠷᠤᠭᠴᠢᠳ ᠮᠣᠷᠢᠨ ᠤᠷᠤᠯᠳᠤᠭᠠᠨ ᠤ ᠲᠠᠯᠠᠪᠠᠢ ᠳᠠᠬᠢ ᠮᠣᠷᠢᠨ ᠤ ᠦᠵᠡᠭᠦᠯᠭᠡ ᠶᠢᠨ ᠲᠣᠭᠤᠷᠢᠭ ᠲᠤ ᠬᠦᠷᠴᠦ᠂ ᠮᠣᠷᠢᠨ ᠮᠡᠷᠭᠡᠵᠢᠯ ᠤᠨ ᠳᠠᠰᠬᠠᠯᠵᠢᠭᠤᠯᠤᠭᠴᠢ ᠠᠴᠠ ᠮᠣᠷᠢ ᠲᠠᠢ ᠬᠡᠷᠬᠢᠨ ᠣᠶᠢᠷᠠᠳᠬᠤ᠂ ᠮᠣᠷᠢ ᠪᠠᠨ ᠬᠡᠷᠬᠢᠨ ᠰᠠᠮᠨᠠᠵᠤ  ᠴᠡᠪᠡᠷᠯᠡᠬᠦ ᠶᠢ ᠲᠠᠶᠢᠯᠪᠤᠷᠢᠯᠠᠨ ᠤᠯᠠᠮᠵᠢᠯᠠᠪᠠ᠃ ︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ︾ ᠵᠢᠭᠠᠨ ᠰᠤᠷᠭᠠᠯᠲᠠ ᠦᠢᠯᠡᠳᠦᠯᠭᠡ ᠶᠢᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠠᠳᠤᠭᠤᠨ ᠰᠣᠶᠣᠯ ᠤᠨ ᠲᠤᠬᠠᠢ ᠳᠤᠷ᠎ᠠ ᠰᠣᠨᠢᠷᠬᠠᠯ ᠢ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠬᠤ ᠶᠠᠪᠤᠴᠠ ᠳᠠᠭᠠᠨ ᠢᠲᠡᠭᠡᠯ ᠵᠣᠷᠢᠭ ᠲᠠᠢ ᠰᠦᠰᠦ ᠵᠤᠷᠢᠭ ᠲᠠᠢ ᠪᠠᠶᠢᠬᠤ᠂ ᠠᠮᠢ ᠨᠠᠰᠤ ᠶᠢ ᠬᠦᠨᠳᠦᠳᠭᠡᠬᠦ ᠰᠢᠯᠢᠳᠡᠭ ᠵᠠᠩ ᠴᠢᠨᠠᠷ ᠢ ᠳᠠᠪᠲᠠᠨ ᠪᠣᠯᠪᠠᠰᠤᠷᠠᠭᠤᠯᠬᠤ ᠪᠠᠷ ᠵᠣᠷᠢᠯᠲᠠ ᠪᠠᠨ ᠪᠣᠯᠭᠠᠵᠠᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠶ ᠶᠢᠨ ᠰᠤᠳᠤᠯᠤᠨ ᠰᠤᠷᠤᠯᠴᠠᠬᠤ ᠰᠠᠭᠤᠷᠢᠨ ᠪᠠᠶᠢᠭᠤᠯᠤᠭᠳᠠᠭᠰᠠᠨ ᠠᠴᠠ ᠨᠠᠭᠠᠰᠢ᠂ ︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ︾ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ 20 ᠭᠠᠷᠤᠶ ᠬᠤᠭᠤᠴᠠᠭ᠎ᠠ ᠡᠷᠭᠢᠯᠡᠵᠦ᠂ ᠣᠷᠣᠨ ᠤ ᠳᠣᠲᠣᠨ᠎ᠠ ᠭᠠᠳᠠᠨᠠᠬᠢ 1000 ᠰᠢᠬᠠᠮ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠰᠤᠳᠤᠯᠤᠨ ᠰᠤᠷᠤᠯᠴᠠᠬᠤ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ