1—5 ᠳ᠋ᠤᠭᠠᠷ ᠰᠠᠷ᠎ᠠ ᠳᠤ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠠᠵᠢᠯᠯᠠᠭᠠᠨ ᠤ ᠪᠠᠶᠢᠳᠠᠯ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/6/26
      ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 21 ᠤ ᠡᠳᠦᠷ ᠬᠤᠳᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠮᠠᠨ ᠤ ᠬᠤᠳᠠ ᠡᠳ᠋ ᠬᠥᠷᠥᠩᠭᠡ ᠪᠠᠨ ᠪᠦᠷᠢᠳᠬᠡᠬᠦ᠂ ᠮᠠᠭᠠᠳᠯᠠᠯᠲᠠ ᠶᠢ ᠴᠢᠩᠭᠠᠳᠬᠠᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠪᠠᠬᠢᠵᠢᠭᠦᠯᠵᠡᠢ᠃ 1—5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 3.3 ᠵᠠᠭᠤᠨ ᠤ ᠨᠢᠭᠡᠴᠢ ᠥᠨᠳᠥᠷ ᠪᠣᠯᠵᠠᠢ᠃      ᠦᠢᠯᠡᠴᠢᠯᠡᠭᠡ ᠪᠠᠨ ᠴᠢᠩᠭᠠᠳᠬᠠᠵᠤ ᠪᠡᠯᠡ ᠣᠷᠣᠭᠤᠯᠤᠯᠲᠠ ᠶᠢ ᠬᠦᠴᠦᠯᠡᠨ ᠠᠬᠢᠭᠤᠯᠪᠠ᠃ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠪᠠ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠵᠡᠷᠭᠡᠪᠡᠷ ᠠᠳᠬᠤᠵᠤ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠢᠶᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠠᠬᠢᠭᠤᠯᠵᠤ᠂ ᠰᠢᠨ᠎ᠡ ᠪᠠᠷ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠢᠶᠠᠷ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠪᠡ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠳᠤ ︽ᠨᠢᠭᠡ ᠡᠳᠦᠷ ᠲᠤ ᠨᠢᠭᠡ ᠤᠳᠠᠭ᠎ᠠ ᠮᠡᠳᠡᠭᠦᠯᠦᠨ ᠬᠦᠷᠭᠡᠬᠦ︾ ︽ᠨᠢᠭᠡ ᠭᠠᠷᠠᠭ ᠲᠤ ᠨᠢᠭᠡ ᠤᠳᠠᠭ᠎ᠠ ᠰᠤᠳᠤᠯᠤᠨ ᠮᠠᠭᠠᠳᠯᠠᠬᠤ︾ ︽ᠬᠠᠭᠠᠰ ᠰᠠᠷ᠎ᠠ ᠳᠤ ᠨᠢᠭᠡ ᠤᠳᠠᠭ᠎ᠠ ᠲᠦᠯᠬᠢᠨ ᠠᠬᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠢ ᠬᠥᠮᠥᠨ ᠳᠠᠭᠠᠵᠤ᠂ ᠲᠥᠷᠥᠯ ᠵᠦᠢᠯ ᠤᠨ ᠠᠵᠢᠯ ᠢᠶᠠᠨ ᠲᠦᠷᠭᠡᠬᠡᠨ ᠡᠬᠢᠯᠡᠭᠦᠯᠦᠨ ᠰᠡᠷᠭᠦᠭᠡᠬᠦ ᠶᠢ ᠲᠦᠯᠬᠢᠨ ᠠᠬᠢᠭᠤᠯᠪᠠ        ᠨᠦᠭᠡᠴᠡ ᠶᠢᠨ ᠬᠥᠳᠡᠯᠭᠡᠭᠴᠢ ᠬᠦᠴᠦᠨ ᠢ ᠱᠠᠳᠤᠯᠢᠭ ᠴᠢᠨᠠᠷᠲᠠᠢ ᠪᠣᠶᠢᠵᠢᠭᠤᠯᠪᠠ᠃ ᠬᠦᠴᠢᠷᠳᠡᠯ ᠢ ᠲᠤᠰᠠᠯᠠᠬᠤ ᠪᠠ ᠰᠢᠯᠢᠳᠡᠭ ᠢ ᠪᠣᠶᠢᠵᠢᠭᠤᠯᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠪᠣᠳᠠᠲᠤ ᠤᠴᠢᠷ ᠪᠦᠲᠦᠭᠡᠬᠦ ᠲᠤᠰᠬᠠᠢ ᠠᠵᠢᠯᠯᠠᠭ᠎ᠠ ᠥᠷᠨᠢᠭᠦᠯᠵᠦ᠂ 46 ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠥᠬᠦᠴᠡᠯ ᠳᠤ ᠨᠡᠶᠢᠴᠡᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ  27 ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠠᠷᠠᠯᠵᠢᠶᠠᠨ ᠤ ᠬᠠᠷᠢᠴᠠᠯ ᠢ ᠳᠡᠭᠡᠭᠰᠢᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 37 ᠰᠢᠨ᠎ᠡ ᠪᠠᠷ ᠨᠡᠮᠡᠭᠳᠡᠭᠦᠯᠪᠡ᠃ 127 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽ᠲᠤᠰᠬᠠᠢ ᠨᠠᠷᠢᠯᠢᠭ ᠣᠨᠴᠠ ᠰᠢᠨ᠎ᠡ︾ ᠪᠠ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠪᠡ᠃ 1—5 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠵᠢᠵᠢᠭ ᠪᠢᠴᠢᠯ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30.8% ᠪᠠᠷ ᠨᠡᠮᠡᠭᠳᠡᠪᠡ᠃      ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠡᠨᠡ ᠵᠢᠯ ᠤᠨ ᠲᠤᠷᠰᠢ᠂ ᠪᠣᠬᠢᠷᠲᠤᠯ ᠦᠭᠡᠢ ᠦᠢᠯᠡᠳᠪᠦᠷᠢ 12᠂ ᠪᠣᠬᠢᠷᠲᠤᠯ ᠦᠭᠡᠢ ᠪᠦᠲᠦᠭᠡᠭᠳᠡᠬᠦᠨ 8᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠠᠵᠤ ᠠᠬᠤᠶᠢᠯᠠᠯ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 5 ᠶᠢ ᠡᠭᠦᠳᠦᠨ ᠪᠠᠶᠢᠭᠤᠯᠵᠤ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠪᠣᠯᠭᠠᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ 20 ᠰᠢᠬᠠᠮ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠪᠠ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠶᠠᠭ ᠲᠥᠯᠥᠪᠯᠡᠭᠡ ᠶᠣᠰᠣᠭᠠᠷ ᠬᠡᠷᠡᠭᠵᠢᠭᠦᠯᠵᠦ ᠪᠠᠶᠢᠨ᠎ᠠ᠃ 5G+ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠡᠷᠡᠭᠯᠡᠭᠡᠨ ᠤ ᠠᠬᠤᠢ ᠪᠠᠶᠢᠳᠠᠯ ᠢ 3 ᠪᠣᠶ ᠪᠣᠯᠭᠠᠵᠤ᠂ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠤᠶᠠᠯᠳᠤᠭᠤᠯᠬᠤ ᠶᠢ ᠲᠤᠭᠤᠰᠢᠯᠠᠭᠤᠯᠬᠤ ᠪᠠᠷᠢᠮᠵᠢᠶ᠎ᠠ ᠶᠢᠨ ᠠᠵᠤ ᠠᠬᠤᠶᠢᠯᠠᠯ 17᠂ ᠲᠣᠭᠠᠴᠢᠯᠠᠯᠲᠠ ᠲᠡᠶᠢᠰᠢ ᠬᠤᠪᠢᠷᠠᠭᠰᠠᠨ ᠬᠡᠪ ᠳᠠᠭᠤᠷᠢᠶᠠᠯ ᠠᠵᠤ ᠠᠬᠤᠶᠢᠯᠠᠯ 3 ᠶᠢ ᠪᠣᠶᠢᠵᠢᠭᠤᠯᠵᠤ᠂  ᠲᠡᠮᠳᠡᠭ ᠵᠠᠳᠠᠯᠬᠤ ᠠᠵᠤ ᠠᠬᠤᠶᠢᠯᠠᠯ ᠤᠨ ᠲᠠᠰ ᠤᠨ ᠵᠠᠩᠭᠢᠯᠠᠭ᠎ᠠ ᠶᠢᠨ ᠴᠡᠭ ᠢ 3 ᠨᠡᠮᠡᠭᠳᠡᠭᠦᠯᠵᠦ᠂ ᠲᠡᠮᠳᠡᠭ ᠤᠨ ᠦᠢᠯᠡᠴᠢᠯᠡᠭᠡᠨ ᠤ ᠬᠡᠮᠵᠢᠶ᠎ᠡ 1300 ᠲᠦᠮᠡᠨ ᠵᠤᠷᠪᠤᠰ ᠢ ᠳᠠᠪᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ︽ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠢᠳᠡᠪᠬᠢᠲᠡᠢ ᠬᠥᠭᠵᠢᠭᠦᠯᠬᠦ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠪᠠᠶᠢᠭ᠎ᠠ ᠪᠠᠨ ᠰᠢᠯᠢᠳᠡᠭᠵᠢᠭᠦᠯᠬᠦ᠂ ᠨᠡᠮᠡᠭᠳᠡᠭᠰᠡᠨ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ