ᠬᠥᠬᠡᠬᠤᠲᠠ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠪᠣᠯᠪᠠᠰᠤᠷᠠᠯ ᠤᠨ ᠠᠩᠬᠢ ᠡᠷᠬᠢᠯᠡᠯ᠎ᠡ
ᠨᠡᠶᠢᠲᠡᠯᠡᠭᠰᠡᠨ ᠴᠠᠭ᠄
2023/6/5
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ 3 ᠰᠠᠷ᠎ᠠ ᠠᠴᠠ ᠨᠠᠭᠠᠰᠢ᠂ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ 2023 ᠣᠨ ᠤ ᠬᠠᠪᠤᠷ ᠤᠨ ᠤᠯᠠᠷᠢᠯ ᠤᠨ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠣᠬᠢᠴᠠᠬᠤ ᠴᠢᠨᠠᠷᠲᠠᠢ ᠪᠣᠯᠪᠠᠰᠤᠷᠠᠯ ᠢ ᠨᠢᠭᠡᠳᠦᠯᠲᠡᠢ ᠵᠣᠬᠢᠶᠠᠨ ᠪᠠᠶᠢᠭᠤᠯᠵᠤ ᠥᠷᠨᠢᠭᠦᠯᠪᠡ᠃ ᠪᠣᠯᠪᠠᠰᠤᠷᠠᠯ ᠨᠢ ᠬᠦᠬᠡᠬᠤᠳᠠ ᠶᠢᠨ ᠡᠯ᠎ᠡ ᠬᠤᠰᠢᠭᠤ ᠰᠢᠶᠡᠨ ᠲᠣᠭᠤᠷᠢᠭ ᠢᠶᠠᠷ ᠨᠢᠭᠡᠴᠢ ᠪᠣᠯᠭᠠᠨ᠂ ᠨᠡᠶᠢᠲᠡ 6 ᠠᠩᠭᠢ ᠤᠳᠠᠭ᠎ᠠ ᠡᠷᠬᠢᠯᠡᠵᠤ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ 402 ᠴᠡᠷᠢᠭ ᠤᠨ ᠠᠯᠪᠠ ᠠᠴᠠ ᠬᠠᠯᠠᠬᠳᠠᠬᠰᠠᠳ ᠪᠣᠯᠪᠠᠰᠤᠷᠠᠯ ᠳᠤ ᠣᠷᠣᠯᠴᠠᠵᠠᠢ᠃      ᠪᠣᠯᠪᠠᠰᠤᠷᠠᠯ ᠨᠢ ᠵᠢᠯᠣᠭᠤᠳᠤᠭᠴᠢ ᠪᠠᠭᠰᠢ ᠬᠢᠴᠢᠶᠡᠯ ᠣᠷᠣᠬᠤ᠂ ᠣᠨᠣᠯ ᠤᠨ ᠵᠢᠯᠣᠭᠤᠳᠤᠯᠭ᠎ᠠ ᠬᠢᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠲᠤᠷᠰᠢᠯᠭ᠎ᠠ ᠪᠠᠨ ᠲᠠᠨᠢᠯᠴᠠᠭᠤᠯᠬᠤ ᠵᠡᠷᠭᠡ ᠬᠡᠯᠪᠡᠷᠢ ᠪᠠᠷ ᠶᠠᠪᠤᠭᠳᠠᠵᠤ᠂ ᠪᠤᠯᠪᠠᠰᠤᠷᠠᠯ ᠳᠤ ᠤᠷᠤᠯᠴᠠᠬᠰᠠᠳ ᠲᠤ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠠᠵᠢᠯ ᠣᠯᠵᠤ ᠦᠢᠯᠡᠰ ᠪᠤᠰᠬᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠤᠬᠠᠢ ᠲᠥᠷᠥ ᠶᠢᠨ ᠪᠣᠳᠣᠯᠭ᠎ᠠ ᠶᠢ ᠨᠠᠷᠢᠨᠲᠠᠨᠢᠯᠴᠠᠭᠤᠯᠵᠤ᠂ ᠴᠡᠷᠢᠭ ᠤᠨ ᠠᠯᠪᠠ ᠠᠴᠠ ᠬᠠᠯᠠᠬᠳᠠᠬᠰᠠᠳ ᠲᠤ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠭᠤᠯᠵᠤ᠂ ᠠᠵᠢᠯ ᠰᠣᠩᠭᠤᠬᠤ ᠵᠥᠪ ᠦᠵᠡᠯᠲᠡ ᠶᠢ ᠪᠣᠶ ᠪᠣᠯᠭᠠᠵᠤ᠂ ᠦᠪᠡᠷ ᠤᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠥᠲᠥᠯᠥᠨ ᠲᠠᠭᠠᠭᠤᠯᠪᠠ᠃      ᠪᠣᠯᠪᠠᠰᠤᠷᠠᠯ ᠤᠨ ᠬᠤᠭᠤᠴᠠᠭᠠᠨ ᠳᠤ᠂ ᠲᠤᠰ ᠲᠣᠪᠴᠢᠶ᠎ᠠ ᠪᠠᠰᠠ ᠬᠥᠮᠦᠵᠢᠯ ᠪᠣᠯᠪᠠᠰᠤᠷᠠᠯ ᠪᠠ ᠠᠵᠢᠯ ᠣᠯᠭᠤᠯᠲᠠ ᠶᠢᠨ ᠬᠡᠷᠡᠭᠴᠡᠭᠡ ᠶᠢᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠬᠢᠵᠦ᠂ ᠲᠠᠷᠠᠭᠠᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠦᠢᠯᠡᠰ ᠪᠤᠰᠬᠠᠬᠤ ᠪᠣᠯᠪᠠᠰᠤᠷᠠᠯ ᠵᠡᠷᠭᠡ ᠠᠵᠢᠯ ᠢ ᠣᠨᠣᠴᠢᠲᠠᠢ ᠥᠷᠨᠢᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ