ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠰᠣᠶᠣᠯ ᠤᠨ ᠵᠠᠬ᠎ᠠ ᠳᠡᠯᠭᠡᠭᠦᠷ ︽ᠲᠠᠭᠤ ᠦᠭᠡᠢ︾ ᠣᠷᠴᠢᠨ ᠢ ᠪᠣᠢ ᠪᠣᠯᠭᠠᠵᠤ ᠦᠨᠳᠦᠷ ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠱᠤᠤᠭᠢᠶᠠᠨ ᠦᠭᠡᠢ ᠣᠷᠴᠢᠨ ᠬᠠᠩᠭᠠᠬᠤ ᠶᠢ ᠰᠠᠨᠠᠭᠠᠴᠢᠯᠠᠪᠠ
ᠨᠡᠶᠢᠲᠡᠯᠡᠭᠰᠡᠨ ᠴᠠᠭ᠄
2023/6/5
      ︵ᠰᠤᠷᠪᠤᠯᠵᠢᠯᠠᠭᠴᠢ ᠮᠢᠶᠣᠣ ᠴᠢᠩ︶ ᠲᠦᠷᠦᠭᠦᠬᠡᠨ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠥᠮᠴᠢᠲᠡᠨ ᠳᠤ ᠰᠠᠨᠠᠭᠠᠴᠢᠯᠠᠭᠰᠠᠨ ᠨᠢ᠄ ᠵᠢᠯ ᠳᠤ ᠨᠢᠭᠡ ᠤᠳᠠᠭ᠎ᠠ ᠶᠠᠪᠤᠭᠳᠠᠬᠤ ᠦᠨᠳᠦᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠡᠵᠡᠩᠨᠡᠯᠲᠡ ᠶᠢᠨ ᠥᠮᠴᠢᠲᠡᠨ ᠨᠠᠷ ︽ᠲᠠᠭᠤ ᠭᠠᠷᠭᠠᠬᠤ ᠦᠭᠡᠢ ᠠᠵᠢᠯᠯᠠᠭ᠎ᠠ︾ ᠥᠷᠨᠢᠭᠦᠯᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠠᠮᠲᠤ ᠪᠠᠷ ᠴᠢᠷᠮᠠᠶᠢᠵᠤ ᠰᠢᠯᠭᠠᠭᠤᠯᠤᠭᠴᠢᠳ ᠲᠤ ᠰᠢᠯᠭᠠᠯᠲᠠ ᠳᠤ ᠪᠡᠯᠡᠳᠬᠡᠬᠦ᠂ ᠰᠢᠯᠭᠠᠯᠲᠠ ᠶᠢ ᠤᠭᠲᠤᠬᠤ ᠨᠠᠮ ᠰᠡᠯᠡᠭᠦᠨ ᠬᠠᠯᠠᠭᠤᠨ ᠳᠤᠯᠠᠭᠠᠨ ᠣᠷᠴᠢᠨ ᠨᠥᠬᠦᠴᠡᠯ ᠢ ᠪᠣᠶ ᠪᠣᠯᠭᠠᠨ ᠥᠭᠴᠦ᠂ ᠲᠡᠳᠡᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠲᠤᠰᠠᠯᠠᠬᠤ ᠰᠠᠨᠠᠭᠠᠴᠢᠯᠠᠭ᠎ᠠ ᠭᠠᠷᠭᠠᠪᠠ᠃      ᠰᠠᠨᠠᠭᠠᠴᠢᠯᠠᠭ᠎ᠠ ᠶᠢᠨ ᠪᠢᠴᠢᠭ ᠲᠤ ᠬᠡᠯᠡᠭᠰᠡᠨ ᠨᠢ᠂ ᠦᠨᠳᠦᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠥᠮᠴᠢᠲᠡᠨ ᠡᠵᠡᠩᠨᠡᠯᠲᠡ ᠶᠢᠨ ᠴᠠᠭ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠳᠠᠭᠤ ᠱᠤᠤᠭᠢᠶᠠᠨ ᠢᠶᠠᠨ ᠪᠠᠭᠠᠰᠬᠠᠵᠤ᠂ ᠲᠠᠭᠤ ᠬᠥᠨᠳᠡᠶᠢᠷᠡᠭᠦᠯᠬᠦ ᠶᠢ ᠴᠢᠩᠭᠠᠳᠬᠠᠬᠤ ᠬᠡᠷᠡᠭᠲᠡᠢ᠃ ᠰᠢᠯᠭᠠᠯᠲᠠ ᠶᠢᠨ ᠬᠤᠭᠤᠴᠠᠭᠠᠨ ᠳᠤ ︵6 ᠳ᠋ᠤᠭᠠᠷ ᠰᠠᠷ᠎ᠠ ᠶᠢᠨ 7 ᠤ ᠡᠳᠦᠷ ᠠᠴᠠ 9 ᠤ ᠡᠳᠦᠷ᠂ 6 ᠳ᠋ᠤᠭᠠᠷ ᠰᠠᠷ᠎ᠠ ᠶᠢᠨ 25 ᠤ ᠡᠳᠦᠷ ᠠᠴᠠ 27 ᠤ ᠡᠳᠦᠷ︶ ᠰᠤᠷᠭᠠᠭᠤᠯᠢ ᠵᠢᠴᠢ ᠣᠷᠣᠨ ᠰᠠᠭᠤᠴᠠ ᠶᠢᠨ ᠲᠣᠭᠤᠷᠢᠭ ᠤᠨ ᠣᠶᠢᠷ᠎ᠠ ᠬᠠᠪᠢ ᠶᠢᠨ ᠲᠠᠯᠠᠪᠠᠶ᠂ ᠬᠤᠭᠤᠰᠤᠨ ᠭᠠᠵᠠᠷ ᠪᠠ ᠴᠡᠴᠡᠷᠯᠢᠭ ᠵᠡᠷᠭᠡ ᠲᠠᠯᠠᠪᠤᠷ ᠲᠤ ᠡᠯ᠎ᠡ ᠲᠥᠷᠥᠯ ᠤᠨ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠵᠡᠷᠭᠡ ᠥᠨᠳᠥᠷ ᠳ᠋ᠧᠼᠢᠪᠧᠯ ᠲᠠᠢ ᠵᠤᠭ᠎ᠠ ᠴᠡᠩᠭᠡᠯ ᠤᠨ ᠠᠵᠢᠯᠯᠠᠭ᠎ᠠ ᠥᠷᠨᠢᠭᠦᠯᠬᠦ ᠦᠭᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ