ᠮᠠᠨ ᠤ ᠬᠤᠲᠠ 2023 ᠣᠨ ᠤ 6 ᠰᠠᠷ᠎ᠠ ᠶᠢᠨ 5 ᠤ ᠣᠷᠴᠢᠨ ᠲᠣᠭᠤᠷᠢᠨ ᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/6/5
      ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠴᠧᠨ ᠼᠦᠢ ᠵᠢᠶᠧ︶ 6 ᠳ᠋ᠤᠭᠠᠷ ᠰᠠᠷ᠎ᠠ ᠶᠢᠨ 4 ᠤ ᠡᠳᠦᠷ᠂ ᠬᠥᠬᠡᠬᠤᠲᠠ ᠶᠢᠨ 2023 ᠣᠨ ᠤ 6 ᠰᠠᠷ᠎ᠠ ᠶᠢᠨ 5 ᠤ ᠣᠷᠴᠢᠨ ᠲᠣᠭᠤᠷᠢᠨ ᠤ ᠡᠳᠦᠷ ᠤᠨ ︽ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠵᠢᠴᠢ ︽ᠬᠠᠶᠠᠭᠳᠠᠮᠠᠯ ᠪᠣᠳᠠᠰ ᠦᠭᠡᠢ ᠡᠰ︾ ᠢ ᠪᠦᠬᠦ ᠠᠷᠠᠳ ᠢᠶᠠᠷ ᠢᠶᠠᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠮᠦᠽᠧᠢ ᠶᠢᠨ ᠡᠮᠦᠨ᠎ᠡ ᠲᠠᠯᠠᠪᠠᠢ ᠳᠤ ᠶᠠᠪᠤᠭᠳᠠᠪᠠ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠵᠤ᠂ ︿ᠬᠠᠶᠠᠭᠳᠠᠮᠠᠯ ᠪᠣᠳᠠᠰ ᠦᠭᠡᠢ  ᠬᠦᠬᠡᠬᠤᠲᠠ﹀ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠤ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠣᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠬᠠᠶᠠᠭᠳᠠᠮᠠᠯ ᠪᠣᠳᠠᠰ ᠦᠭᠡᠢ ᠪᠣᠯᠭᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠨᠧᠷᠭᠢ ᠶᠢᠨ ᠬᠤᠷᠣᠭᠳᠠᠯ ᠪᠠ ᠪᠣᠬᠢᠷᠲᠤᠯ ᠭᠠᠳᠠᠭᠰᠢᠯᠠᠭᠤᠯᠤᠯᠲᠠ ᠶᠢ ᠪᠠᠭᠠᠰᠬᠠᠵᠤ᠂ ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠵᠠᠢ᠃      ᠠᠵᠢᠯᠯᠠᠭ᠎ᠠ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠠᠩᠬᠠᠨ ᠤ ᠪᠦᠯᠦᠭ ︽ᠬᠠᠶᠠᠭᠳᠠᠮᠠᠯ ᠪᠣᠳᠠᠰ ᠦᠭᠡᠢ ᠡᠰ︾ ᠢ ᠡᠭᠦᠳᠦᠨ ᠪᠠᠶᠢᠭᠤᠯᠬᠤ ᠨᠡᠷᠡᠰ ᠢ ᠨᠡᠶᠢᠲᠡᠯᠡᠪᠡ᠂ ᠡᠭᠦᠨ ᠳᠤ ᠬᠠᠶᠠᠭᠳᠠᠮᠠᠯ ᠪᠣᠳᠠᠰ ᠦᠭᠡᠢ ᠪᠠᠶᠢᠭᠤᠯᠤᠯᠭ᠎ᠠ᠂ ᠬᠠᠶᠠᠭᠳᠠᠮᠠᠯ ᠪᠣᠳᠠᠰ ᠦᠭᠡᠢ ᠦᠢᠯᠡᠳᠪᠦᠷᠢ᠂ ᠬᠠᠶᠠᠭᠳᠠᠮᠠᠯ ᠪᠣᠳᠠᠰ ᠦᠭᠡᠢ ᠰᠤᠷᠭᠠᠭᠤᠯᠢ ᠵᠡᠷᠭᠡ 16 ᠨᠢᠭᠡᠴᠡ ᠪᠠ ᠠᠵᠤ ᠠᠬᠤᠶᠢᠯᠠᠯ ᠪᠠᠭᠲᠠᠪᠠ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠢᠴᠢ ︽ ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ 10 ᠠᠩᠭᠢ ᠳᠤ ᠲᠤᠭ ᠭᠠᠷᠳᠠᠭᠤᠯᠪᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ 10 ᠨᠡᠶᠢᠭᠡᠮ ᠤᠨ ᠠᠵᠢᠭᠯᠠᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠠᠵᠢᠭᠯᠠᠭᠴᠢ ᠶᠢᠨ ᠲᠥᠯᠥᠭᠡᠯᠡᠭᠴᠢ ᠠᠴᠠ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ  ᠬᠢᠨ ᠢ ᠪᠠᠭ᠎ᠠ ᠤᠴᠢᠷ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠶᠢᠨ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠬᠤ ᠶᠢ ᠲᠠᠶᠢᠴᠢᠯᠠᠵᠠᠢ᠃      ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠵᠢᠴᠢ ᠬᠤᠲᠠ ᠶᠢᠨ ᠳᠥᠷᠪᠡᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠬᠠᠷᠢᠶ᠎ᠠ ᠠᠵᠤ ᠠᠬᠤᠶᠢᠯᠠᠯ᠂ ᠨᠡᠶᠢᠭᠡᠮ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ