ᠮᠠᠨ ᠤ ᠬᠤᠲᠠ ᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 2 ᠨᠡᠮᠡᠭᠳᠡᠪᠡ
ᠨᠡᠶᠢᠲᠡᠯᠡᠭᠰᠡᠨ ᠴᠠᠭ᠄
2023/6/5
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠶᠦᠨ ᠯᠢ ᠵᠢᠶᠦ᠋ᠨ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠳᠠᠬᠢᠨ ᠪᠠᠶᠢᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠪᠥᠬᠦ ᠣᠷᠣᠨ ᠳᠤ ᠨᠡᠶᠢᠲᠡ 8 ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠥᠪᠰᠢᠶᠡᠷᠡᠭᠳᠡᠵᠦ᠂ ᠮᠠᠨ ᠤ ᠬᠤᠲᠠ ᠶᠢᠨ 2 ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠨᠡᠷᠡᠰ ᠲᠤ ᠲᠣᠳᠣᠷᠠᠵᠤ᠂ ᠲᠣᠰ ᠲᠣᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠬᠤᠰᠢᠭᠤᠷᠠᠯ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠰᠢᠮ᠎ᠡ ᠲᠡᠵᠢᠭᠡᠯ ᠡᠷᠡᠭᠦᠯ ᠮᠡᠨᠳᠦ ᠬᠢᠭᠡᠳ ᠠᠶᠤᠯᠭᠦᠢ ᠶᠢᠨ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ ᠪᠣᠯᠣᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠬᠤᠰᠢᠭᠤᠷᠠᠯ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠥᠪᠥᠷ ᠮᠣᠩᠭᠤᠯ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠢ ᠭᠦᠨᠵᠡᠭᠡᠢ ᠡᠳ᠋ᠰᠢᠭᠦᠯᠬᠦ ᠮᠡᠷᠭᠡᠵᠢᠯ ᠬᠢᠭᠡᠳ ᠴᠠᠭᠠᠨ ᠢᠳᠡᠭᠡᠨ ᠤ ᠠᠶᠤᠯᠭᠦᠢ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠳᠠᠬᠢᠨ ᠪᠠᠶᠢᠭᠤᠯᠵᠠᠢ᠃ ᠳᠠᠬᠢᠨ ᠪᠠᠶᠢᠭᠤᠯᠤᠭᠰᠠᠨ ᠤ ᠳᠠᠷᠠᠭᠠᠬᠢ ᠲᠤᠷᠰᠢᠯᠲᠠ ᠶᠢᠨ ᠲᠠᠰᠤᠭ ᠲᠤ ᠥᠨᠳᠥᠷ ᠬᠢᠷᠢ ᠲᠦᠪᠰᠢᠨ ᠲᠠᠢ ᠰᠤᠳᠤᠯᠤᠨ ᠨᠡᠭᠡᠭᠡᠬᠦ ᠠᠵᠢᠯᠲᠠᠨ 149 ᠬᠥᠮᠥᠨ ᠲᠠᠢ᠂ 5 ᠳ᠋ᠦᠩᠰᠢᠭᠤᠷ ᠲᠥᠭᠦᠷᠢᠭ ᠠᠴᠠ ᠳᠠᠪᠠᠭᠰᠠᠨ ᠬᠡᠮᠵᠢᠭᠦᠷᠯᠢᠭ ᠲᠥᠬᠦᠭᠡᠷᠦᠮᠵᠢ ᠲᠣᠬᠢᠷᠠᠭᠤᠯᠵᠤ᠂ ᠵᠢᠯ ᠪᠦᠷᠢ ᠰᠤᠳᠤᠯᠤᠨ ᠨᠡᠭᠡᠭᠡᠬᠦ ᠳᠤ ᠪᠠᠷᠤᠭ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠦ ᠶᠢᠨ ᠲᠦᠭᠦᠬᠡᠢ ᠮᠠᠲ᠋ᠧᠷᠢᠶᠠᠯ ᠬᠢᠭᠡᠳ ᠴᠢᠳᠠᠮᠵᠢᠲᠤ ᠣᠨᠴᠠᠯᠢᠭᠲᠤ ᠲᠦᠭᠦᠬᠡᠢ ᠮᠠᠲ᠋ᠧᠷᠢᠶᠠᠯ ᠨᠡᠭᠡᠭᠡᠨ ᠡᠭᠦᠳᠬᠦ ᠮᠡᠷᠭᠡᠵᠢᠯ᠂ ᠲᠡᠷᠢᠭᠦᠨ ᠤ ᠦᠢᠯᠡᠳᠪᠦᠷᠢᠯᠡᠯ ᠤᠨ ᠮᠡᠷᠭᠡᠵᠢᠯ ᠬᠢᠭᠡᠳ ᠲᠤᠨᠤᠭ ᠲᠥᠬᠦᠭᠡᠷᠦᠮᠵᠢ ᠶᠢᠨ ᠪᠣᠯᠪᠠᠰᠤᠷᠠᠭᠤᠯᠬᠤ ᠵᠠᠩᠭᠢᠯᠠᠭ᠎ᠠ ᠶᠢᠨ ᠮᠡᠷᠭᠡᠵᠢᠯ᠂ ᠢᠳᠡᠭᠡᠨ ᠪᠣᠭᠤᠳᠠᠯᠯᠠᠬᠤ ᠲᠡᠷᠢᠭᠦᠨ ᠤ ᠮᠡᠷᠭᠡᠵᠢᠯ ᠵᠡᠷᠭᠡ ᠭᠤᠷᠪᠠᠨ ᠴᠢᠭᠯᠡᠯ ᠤᠨ ᠲᠣᠭᠤᠷᠢᠨ ᠳᠤ ᠬᠠᠮᠢᠶ᠎ᠠ ᠪᠦᠬᠦᠢ ᠰᠤᠳᠤᠯᠤᠨ ᠨᠡᠭᠡᠭᠡᠬᠦ ᠡᠭᠦᠷᠭᠡ ᠪᠣᠯᠣᠨ ᠰᠡᠳᠦᠪ ᠢ ᠥᠷᠨᠢᠭᠦᠯᠵᠦ᠂ ᠭᠤᠣᠯᠳᠠᠯᠭ᠎ᠠ ᠲᠠᠢ ᠮᠡᠷᠭᠡᠵᠢᠯ ᠳᠤ ᠰᠢᠪᠲᠤᠯᠤᠯᠲᠠ ᠬᠢᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠰᠢᠮ᠎ᠡ ᠲᠡᠵᠢᠭᠡᠯ ᠡᠷᠡᠭᠦᠯ ᠮᠡᠨᠳᠦ ᠬᠢᠭᠡᠳ ᠠᠶᠤᠯᠭᠦᠢ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠨᠢ ᠣᠣᠯ ᠤᠨ ᠮᠧᠩ ᠨᠢᠦ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡ ᠬᠢᠭᠡᠳ ᠰᠠᠭᠠᠯᠢ ᠶᠢᠨ ᠦᠨᠢᠶ᠎ᠡ ᠦᠷᠡᠵᠢᠭᠦᠯᠦᠨ ᠥᠰᠬᠡᠬᠦ ᠠᠮᠢᠳᠤ ᠪᠣᠳᠠᠰ ᠤᠨ ᠢᠨᠵᠧᠨᠧᠷᠢᠩ ᠤᠨ ᠮᠡᠷᠭᠡᠵᠢᠯ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠣᠨ᠎ᠠ᠃ ᠰᠢᠯᠢᠳᠡᠭᠵᠢᠭᠦᠯᠦᠨ ᠳᠠᠬᠢᠨ ᠪᠠᠶᠢᠭᠤᠯᠤᠭᠰᠠᠨ ᠤ ᠳᠠᠷᠠᠭ᠎ᠠ᠂ ᠲᠤᠷᠰᠢᠯᠲᠠ ᠶᠢᠨ ᠲᠠᠰᠤᠭ ᠤᠨ ᠡᠵᠡᠯᠡᠬᠦ ᠲᠠᠯᠠᠪᠠᠶ ᠨᠢ ᠪᠠᠷᠤᠭ 3534 ᠲᠡᠭᠰᠢ ᠳᠥᠷᠪᠡᠯᠵᠢᠨ ᠮᠧᠲᠷ ᠬᠦᠷᠴᠦ᠂ ᠡᠩ ᠤᠨ ᠳᠤᠯᠠᠭᠠᠨ ᠤ ᠦᠢᠯᠡᠳᠬᠦᠨ ᠪᠠ ᠳᠣᠣᠷ᠎ᠠ ᠳᠤᠯᠠᠭᠠᠨ ᠤ ᠦᠢᠯᠡᠳᠬᠦᠨ ᠤ ᠲᠤᠷᠰᠢᠯᠲᠠ ᠶᠢᠨ ᠲᠠᠰᠤᠭ᠂ ᠮᠥᠰᠥᠲᠦᠯᠭᠡ ᠶᠢᠨ ᠦᠢᠯᠡᠳᠬᠦᠨ ᠤ ᠲᠤᠷᠰᠢᠯᠲᠠ ᠶᠢᠨ ᠲᠠᠰᠤᠭ ᠵᠡᠷᠭᠡ 13 ᠴᠢᠳᠠᠮᠵᠢᠲᠤ ᠲᠤᠷᠰᠢᠯᠲᠠ ᠶᠢᠨ ᠲᠠᠰᠤᠭ ᠲᠠᠢ᠂ ᠴᠠᠭᠠᠨ ᠢᠳᠡᠭᠡᠨ ᠤ ᠪᠥᠬᠦ ᠬᠡᠯᠬᠢᠶ᠎ᠡ ᠶᠢᠨ ᠰᠢᠮ᠎ᠡ ᠲᠡᠵᠢᠭᠡᠯ ᠡᠷᠡᠭᠦᠯ ᠮᠡᠨᠳᠦ ᠪᠠ ᠶᠠᠰᠤ ᠴᠢᠨᠠᠷ ᠢ ᠳᠡᠭᠡᠭᠰᠢᠯᠡᠭᠦᠯᠬᠦ ᠰᠤᠳᠤᠯᠭᠠᠨ ᠢ ᠥᠷᠨᠢᠭᠦᠯᠵᠦ᠂ ᠭᠤᠣᠯᠳᠠᠭᠤ ᠴᠠᠭᠠᠨ ᠢᠳᠡᠭᠡᠨ ᠤ ᠦᠢᠯᠡᠰ ᠤᠨ ᠡᠬᠢ ᠡᠭᠦᠰᠦᠯ᠂ ᠰᠢᠮ᠎ᠡ ᠲᠡᠵᠢᠭᠡᠯ ᠡᠷᠡᠭᠦᠯ ᠮᠡᠨᠳᠦ᠂ ᠰᠦᠨ ᠤ ᠦᠨᠳᠦᠰᠦᠨ ᠨᠠᠶᠢᠷᠠᠯᠭ᠎ᠠ ᠶᠢᠨ ᠨᠡᠭᠡᠭᠡᠨ ᠬᠥᠭᠵᠢᠭᠦᠯᠦᠯᠲᠡ᠂ ᠶᠠᠰᠤ ᠴᠢᠨᠠᠷ ᠤᠨ ᠠᠶᠤᠯᠭᠦᠢ ᠶᠢᠨ ᠮᠡᠷᠭᠡᠵᠢᠯ ᠵᠡᠷᠭᠡ ᠬᠦᠷᠢᠶᠡᠨ ᠳᠤ ᠰᠤᠳᠤᠯᠭᠠᠨ ᠥᠷᠨᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ︽ᠪᠡᠯᠡᠳᠬᠡᠯ ᠠᠩᠭᠢ︾ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠬᠤᠯᠠ ᠲᠤᠯᠭᠠᠭᠤᠷᠢᠯᠠᠯ ᠪᠣᠯᠣᠨ᠎ᠠ᠃ 2022 ᠣᠨ ᠳᠤ᠂ ᠥᠪᠡᠷᠲᠡᠭᠡᠨ ᠵᠠᠰᠠᠬᠤ ᠣᠷᠣᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠠᠵᠢᠯ ᠢ ᠡᠬᠢᠯᠡᠭᠦᠯᠵᠦ᠂ ︽ᠪᠠᠶᠢᠷᠢ ᠲᠣᠭᠲᠠᠭᠠᠯᠲᠠ ᠨᠢ ᠲᠣᠳᠣᠷᠬᠠᠢ᠂ ᠪᠠᠶᠢᠷᠢᠰᠢᠯ ᠨᠢ ᠵᠦᠢ ᠵᠣᠬᠢᠰᠲᠠᠢ᠂ ᠰᠠᠭᠤᠷᠢ ᠨᠢ ᠯᠠᠪᠳᠠᠭᠤᠨ ᠪᠠᠲᠤᠲᠠᠢ᠂ ᠲᠣᠭᠲᠠᠴᠠ ᠶᠢᠨ ᠰᠢᠨ᠎ᠡ ᠶᠢ ᠡᠭᠦᠳᠦᠭᠰᠡᠨ᠂ ᠪᠠᠲᠤᠯᠠᠭ᠎ᠠ ᠨᠢ ᠬᠦᠴᠦᠲᠡᠢ ︾ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ᠂ ᠡᠨᠧᠷᠭᠢ ᠶᠢᠨ ᠬᠦᠷᠢᠶᠡᠨ ᠳᠤ 28 ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠬᠤᠶᠠᠷ ᠪᠦᠯᠦᠭ ᠬᠤᠪᠢᠶᠠᠨ ᠳᠠᠬᠢᠨ ᠵᠣᠬᠢᠶᠠᠨ ᠪᠠᠶᠢᠭᠤᠯᠬᠤ ᠶᠢ ᠵᠥᠪᠰᠢᠶᠡᠷᠡᠵᠦ᠂ ᠮᠠᠨ ᠤ ᠬᠤᠲᠠ 3 ᠵᠥᠪᠰᠢᠶᠡᠷᠡᠯ ᠣᠯᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠲᠡᠷᠢᠭᠦᠨ ᠳᠤ ᠣᠷᠣᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ