ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/6/5
      ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ      ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾  ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ      6 ᠳ᠋ᠤᠭᠠᠷ ᠰᠠᠷ᠎ᠠ ᠶᠢᠨ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠰᠠᠶᠢᠨ ᠡᠬᠢᠯᠡᠯᠲᠡ ᠲᠠᠢ ᠪᠣᠯᠤᠭᠰᠠᠨ ᠪᠣᠯᠪᠠᠴᠤ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠭᠰᠠᠭᠠᠷ ᠶᠤᠮ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂  ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠨᠡᠶᠢᠭᠡᠮ ᠤᠨ ᠵᠢᠱᠢᠯᠲᠡ ᠶᠢ ᠤᠯᠠᠮ ᠴᠢᠨᠠᠭᠰᠢᠳᠠ ᠲᠣᠭᠲᠠᠪᠤᠷᠢᠵᠢᠭᠤᠯᠤᠨ᠂ ᠬᠥᠭᠵᠢᠯᠲᠡ ᠶᠢᠨ ᠢᠲᠡᠭᠡᠯ ᠢ ᠳᠠᠶᠢᠴᠢᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠲᠤᠰᠬᠠᠭᠰᠠᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠠᠴᠠ ᠡᠭᠦᠰᠴᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠠᠭᠤᠵᠢᠭᠤ ᠲᠠᠯᠪᠢᠬᠤ᠂ ᠭᠤᠣᠯᠴᠢ ᠥᠷᠢᠰᠦᠯᠳᠦᠭᠡᠨ ᠢ ᠠᠬᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨᠡᠨ ᠬᠦ ᠬᠡᠷᠡᠭᠯᠡᠭᠦᠰᠢᠲᠡᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠯᠦᠭ ᠤᠳᠠᠭ᠎ᠠ ᠬᠤᠪᠢᠶᠠᠨ ᠲᠦᠷᠭᠡᠪᠴᠢᠯᠡᠨ ᠨᠡᠶᠢᠲᠡᠯᠡᠬᠦ ᠶᠢᠨ ᠬᠠᠮᠲᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠲᠦᠷᠦ ᠶᠢᠨ ᠪᠣᠳᠣᠯᠭ᠎ᠠ ᠶᠢᠨ ᠪᠦᠲᠦᠮᠵᠢᠲᠦ ᠴᠢᠨᠠᠷ ᠢ ᠦᠨᠡᠨ ᠬᠦ ᠴᠢᠩᠭᠠᠷᠠᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠬᠦᠴᠦᠯᠡᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠢ ᠨᠠᠪᠲᠠᠷᠡᠭᠦᠯᠵᠦ᠂  ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠠᠬᠤᠶᠢᠯᠠᠯ ᠶᠢ ᠨᠡᠩ ᠤᠯᠠᠨ ᠦᠨᠡᠨ ᠪᠣᠳᠠᠲᠠᠢ ᠬᠦᠷᠲᠡᠭᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠯ ᠮᠠᠰᠢᠨ ᠲᠡᠷᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠭᠤᠣᠯ ᠴᠢᠭᠯᠡᠯ ᠪᠠᠶᠢᠵᠤ᠂ ᠬᠥᠭᠵᠢᠯᠲᠡ ᠶᠢᠨ ᠣᠷᠣᠨ ᠵᠠᠢ ᠮᠠᠰᠢ ᠥᠷᠭᠡᠨ ᠠᠭᠤᠳᠠᠮ ᠶᠤᠮ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠰᠢᠰᠲ᠋ᠧᠮ᠂ ᠰᠢᠨ᠎ᠡ ᠬᠡᠯᠪᠡᠷᠢ ᠶᠢᠨ ᠰᠠᠭᠤᠷᠢ ᠲᠠᠪᠠᠭ ᠤᠨ ᠪᠦᠲᠦᠴᠡ᠂ ᠣᠶᠤᠨᠴᠢ ᠵᠢᠯᠤᠭᠤᠳᠬᠤ ᠲᠣᠭᠲᠠᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ᠂ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ︽ᠲᠡᠷᠭᠡ ᠡᠨᠧᠷᠭᠢ ᠵᠠᠮ ᠤᠨ ᠡᠭᠦᠯᠡᠨ ᠲᠠᠪᠴᠠᠩ︾ ᠤᠨ ᠠᠭᠤᠰᠤᠯᠴᠠᠨ ᠬᠥᠭᠵᠢᠭᠰᠡᠨ ᠠᠵᠤ ᠦᠢᠯᠡᠰ ᠤᠨ ᠠᠮᠢ ᠠᠬᠤᠢ ᠶᠢ ᠪᠠᠶᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤᠶᠢᠴᠠ ᠴᠢᠳᠠᠪᠤᠷᠢ ᠪᠠ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠬᠦ ᠪᠠ ᠰᠢᠯᠢᠳᠡᠭᠵᠢᠭᠦᠯᠵᠦ᠂ ᠴᠠᠬᠢᠯᠭᠠᠨ ᠴᠡᠨᠡᠭᠯᠡᠬᠦ ᠴᠢᠨᠠᠷ ᠰᠠᠶᠢᠲᠠᠢ ᠰᠠᠭᠤᠷᠢ ᠪᠡᠯᠡᠳᠬᠡᠮᠵᠢ ᠶᠢᠨ  ᠲᠣᠭᠲᠠᠯᠴᠠᠭ᠎ᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠴᠢᠨᠠᠭᠰᠢᠳᠠ ᠲᠣᠭᠲᠠᠪᠤᠷᠢᠵᠢᠭᠤᠯᠤᠨ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠨᠡᠩ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾  ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠡᠬᠡ ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠡᠬᠢᠯᠡᠯᠲᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠬᠤᠯᠠ ᠦᠢᠯᠡᠰ ᠮᠥᠨ᠃  ᠡᠨᠡ ᠨᠢ ᠲᠦᠭ ᠲᠦᠮᠡᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠤᠯᠪᠣᠭᠳᠠᠬᠤ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ  ᠨᠢ ᠲᠤᠶᠢᠯ ᠤᠨ ᠴᠢᠬᠤᠯᠠ ᠶᠤᠮ᠃ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠪᠠ ᠰᠤᠷᠭᠠᠭᠤᠯᠢ ᠶᠢᠨ ᠨᠠᠰᠤᠨ ᠤ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠬᠤ ᠶᠢᠨ ᠬᠠᠮᠲᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠡᠢ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠭᠠᠭᠤᠯᠢ  ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠠᠬᠢ ᠣᠷᠣᠭᠤᠯᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠳᠤ ᠬᠡᠯᠪᠡᠶᠢᠯᠭᠡᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠲᠦᠭᠡᠮᠡᠯᠵᠢᠭᠦᠯᠦᠯᠲᠡ ᠲᠦᠭᠡᠮᠡᠯ ᠬᠠᠷᠠᠭᠠᠯᠵᠠᠯ᠂ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ