ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ ︽ᠭᠤᠶᠣᠯᠠᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠵᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/6
      ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2023 ᠣᠨ ᠤ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠠᠰᠠᠯ ᠴᠢᠮᠡᠭᠯᠡᠯ ᠤᠨ ᠡᠳ᠋ ᠢ ᠵᠥᠪ ᠲᠠᠨᠢᠭᠤᠯᠵᠤ᠂ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠵᠠᠰᠠᠯ ᠴᠢᠮᠡᠭᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 5 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ 2023 ᠣᠨ ᠤ ᠪᠥᠬᠦ ᠤᠯᠤᠰ ᠤᠨ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠨᠢᠭᠦᠯᠪᠡ᠃
1.jpg
      ᠲᠣᠰ ᠤᠳᠠᠭᠠᠨ ᠤ ᠠᠵᠢᠯᠯᠠᠭ᠎ᠠ ᠨᠢ ︽ᠭᠤᠶᠣᠯᠠᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠵᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠪᠠᠷ ᠭᠤᠤᠯ ᠰᠡᠳᠦᠪ ᠪᠣᠯᠭᠠᠵᠤ᠂ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠤᠬᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠤᠶᠣᠯᠠᠯ ᠤᠨ ᠡᠳ᠋ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠭᠦᠯᠬᠦ ᠶᠢᠨ ᠲᠦᠯᠦᠭᠡ ᠶᠤᠮ᠃
3.jpg
      ᠠᠵᠢᠯᠯᠠᠭ᠎ᠠ ᠶᠢᠨ ᠠᠬᠤᠶ ᠲᠠᠯᠠᠪᠠᠶ ᠨᠢᠭᠡ᠄ ᠺᠡᠶᠢᠳᠧ ᠲᠠᠯᠠᠪᠠᠶ ᠶᠢᠨ ᠳᠡᠯᠭᠡᠴᠡ ᠳᠡᠭᠡᠷ᠎ᠡ ᠤᠬᠠᠭᠤᠯᠭ᠎ᠠ ᠶᠢᠨ ᠣᠬᠤᠷ ᠹᠢᠯᠢᠮ ᠢ ᠡᠷᠭᠢᠯᠳᠦᠭᠦᠯᠦᠨ ᠨᠡᠪᠲᠡᠷᠡᠭᠦᠯᠬᠦ᠂ ᠬᠥᠨᠳᠡᠯᠡᠨ ᠪᠢᠴᠢᠭᠡᠰᠦ ᠡᠯᠭᠦᠬᠦ᠂ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠ ᠲᠤᠬᠠᠶ ᠶᠢᠨ ᠲᠠᠯᠠᠪᠤᠷ ᠲᠤ ᠠᠰᠠᠭᠤᠯᠲᠠ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠭᠤᠶᠣᠯᠠᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠬᠢᠪᠡ᠃ ᠲᠤᠬᠠᠶ ᠶᠢᠨ ᠲᠠᠯᠠᠪᠤᠷ ᠲᠤ ᠵᠠᠰᠠᠯ ᠴᠢᠮᠡᠭᠯᠡᠯ ᠤᠨ ᠡᠳ᠋ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠵᠢᠴᠢ ᠬᠤᠯᠪᠣᠭᠳᠠᠯ ᠪᠥᠬᠦᠶ ᠮᠠᠲ᠋ᠧᠷᠢᠶᠠᠯ ᠢ ᠨᠡᠶᠢᠲᠡ 308 ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠯᠠᠪᠯᠠᠯᠲᠠ ᠶᠢ 36 ᠵᠤᠷᠪᠤᠰ ᠬᠠᠷᠢᠭᠤᠯᠪᠠ᠃      ᠠᠵᠢᠯᠯᠠᠭ᠎ᠠ ᠶᠢᠨ ᠠᠬᠤᠶ ᠲᠠᠯᠠᠪᠠᠶ ᠬᠤᠶᠠᠷ᠄ ᠯᠢ ᠵᠢᠩ ᠲᠢᠶᠠᠨ ᠰᠢᠶᠠ ᠨᠡᠶᠢᠭᠡᠮ ᠲᠣᠭᠤᠷᠢᠭ ᠲᠤ ᠭᠤᠶᠣᠯᠠᠯ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ᠃ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠭᠤᠶᠣᠯᠠᠯ ᠤᠨ ᠡᠳ᠋ ᠢ ᠰᠣᠩᠭᠤᠨ ᠬᠡᠷᠡᠭᠯᠡᠬᠦ ᠤᠷ᠎ᠠ ᠮᠡᠷᠭᠡᠵᠢᠯ ᠵᠢᠴᠢ ᠰᠣᠩᠭᠤᠨ ᠬᠤᠳᠠᠯᠳᠤᠨ ᠠᠪᠬᠤ ᠳᠤ ᠠᠩᠬᠠᠷᠬᠤ ᠵᠦᠢᠯᠡᠰ ᠵᠡᠷᠭᠡ ᠶᠢ ᠲᠠᠶᠢᠯᠪᠤᠷᠢᠯᠠᠵᠤ ᠦᠭᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠰᠠᠭᠤᠭᠠᠯᠢ ᠠᠷᠠᠳ ᠤᠨ ᠨᠡᠶᠢᠳᠡᠮ ᠠᠩᠬᠠᠷᠴᠤ ᠪᠠᠶᠢᠭ᠎ᠠ ᠰᠢᠨᠵᠢᠯᠡᠬᠦ ᠤᠬᠠᠭᠠᠨᠴᠢ ᠪᠠᠷ ᠨᠢᠭᠤᠷ ᠢ ᠪᠠᠨ ᠬᠠᠮᠠᠭᠠᠯᠠᠬᠤ᠂ ᠭᠤᠶᠣᠯᠠᠯ ᠤᠨ ᠡᠳ᠋ ᠤᠨ ᠬᠠᠭᠤᠷᠮᠠᠭ ᠢ ᠲᠠᠨᠢᠵᠤ ᠬᠠᠭᠤᠷᠮᠠᠭ ᠢ ᠢᠯᠭᠠᠬᠤ ᠵᠡᠷᠭᠡ ᠲᠠᠯ᠎ᠠ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠭᠤᠶᠣᠯᠠᠯ ᠤᠨ ᠡᠳ᠋ ᠤᠨ ᠬᠡᠷᠡᠭᠯᠡᠯᠲᠡ ᠶᠢᠨ ᠲᠤᠬᠠᠶ ᠣᠯᠠᠨ ᠲᠦᠮᠡᠨ ᠤ ᠪᠤᠷᠤᠭᠤ ᠣᠶᠢᠯᠠᠭᠠᠯᠲᠠ ᠶᠢ ᠵᠠᠯᠠᠷᠠᠭᠤᠯᠪᠠ᠃ ᠲᠤᠬᠠᠶ ᠶᠢᠨ ᠲᠠᠯᠠᠪᠤᠷ ᠲᠤ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠶ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠠᠷᠢᠶ᠎ᠠ ᠣᠷᠣᠨ ᠤ ᠪᠠᠨ ᠬᠡᠪᠴᠢᠶᠡᠨ ᠳᠤ ᠣᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠰᠢᠷᠢᠰ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠶᠣᠯᠠᠯ ᠤᠨ ᠡᠳ᠋ ᠤᠨ ᠠᠮᠤᠷ ᠲᠦᠪᠰᠢᠨ ᠢᠶᠠᠷ ᠬᠡᠷᠡᠭᠯᠡᠬᠦ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠭᠤᠶᠣᠯᠠᠯ ᠤᠨ ᠡᠳ᠋ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠭᠦᠯᠵᠦ᠂ ᠭᠤᠶᠣᠯᠠᠯ ᠤᠨ ᠡᠳ᠋ ᠢ ᠠᠮᠤᠷ ᠲᠦᠪᠰᠢᠨ ᠢᠶᠠᠷ ᠬᠡᠷᠡᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ