ᠢᠦᠶ ᠴᠢᠤᠸᠠᠨ ᠲᠣᠭᠤᠷᠢᠭ ᠤᠨ ᠬᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2023/6/6
      ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠠᠵᠢᠯ ᠢ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠳᠥᠯᠭᠢᠨ ᠠᠬᠢᠭᠤᠯᠬᠤ ᠶᠢᠨ ᠲᠤᠰᠠᠳᠠ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠣᠯᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠮᠠᠨ ᠤ ᠲᠣᠪᠴᠢᠶ᠎ᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ︵ᠳᠣᠷᠣᠭᠰᠢ ︽ᠬᠤᠶᠠᠷ ᠰᠢᠯᠢᠳᠡᠭ︾ ᠭᠡᠵᠦ ᠲᠣᠪᠴᠢᠯᠠᠨ᠎ᠠ︶ ᠲᠤᠰᠬᠠᠶ ᠠᠵᠢᠯᠯᠠᠭ᠎ᠠ ᠶᠢᠨ ᠳᠣᠲᠣᠭᠠᠳᠤ᠂ ᠭᠠᠳᠠᠭᠠᠳᠤ ᠵᠦᠢᠯᠡᠰ ᠤᠨ ︽ᠨᠢᠭᠡ ᠶᠢ ᠴᠢᠯᠥᠭᠡᠲᠡᠶ ᠲᠠᠯᠪᠢᠵᠤ ᠭᠤᠷᠪᠠ ᠶᠢ ᠪᠠᠭᠠᠰᠬᠠᠬᠤ︾ ᠠᠵᠢᠯ ᠢ ᠲᠦᠷᠦᠭᠦᠯᠡᠨ ᠥᠷᠨᠢᠭᠦᠯᠪᠡ᠃      ᠨᠢᠭᠡ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠨᠳᠥᠷ ᠪᠠᠷᠢᠮᠵᠢᠶ᠎ᠠ ᠪᠠᠷ ᠦᠷᠨᠢᠭᠦᠯᠪᠡ      ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠳᠲᠡᠷ ᠲᠦᠷᠭᠡᠨ ᠬᠥᠳᠡᠯᠦᠯᠴᠡᠵᠦ᠂ ᠠᠵᠢᠯ ᠤᠨ ᠬᠠᠷᠠᠯᠲᠠ ᠡᠭᠦᠷᠭᠡ᠂ ᠠᠷᠭ᠎ᠠ ᠪᠠᠷᠢᠯ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠲᠤᠰᠬᠠᠶ ᠲᠤᠰᠢᠶᠠᠯᠲᠠᠨ ᠳᠣᠭᠢᠷᠠᠭᠤᠯᠤᠨ ᠬᠠᠷᠠᠯᠲᠠ ᠶᠢ ᠴᠢᠩᠭ᠎ᠠ ᠠᠩᠬᠠᠷᠴᠤ᠂ ᠡᠭᠦᠷᠭᠡ ᠶᠢ ᠵᠠᠳᠠᠯᠤᠨ᠂ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ᠨᠢᠭᠡᠳᠦᠯᠲᠡᠶ ᠲᠥᠯᠥᠪᠵᠢᠭᠦᠯᠦᠨ ᠲᠥᠯᠥᠪᠵᠢᠭᠦᠯᠵᠦ᠂ ᠲᠥᠰᠦᠯ ᠲᠤᠭᠲᠠᠭᠠᠪᠠ      ᠮᠠᠨ ᠤ ᠲᠣᠪᠴᠢᠶ᠎ᠠ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢ ᠭᠤᠷᠪᠠᠨ ᠱᠠᠳᠤ ᠬᠤᠪᠢᠶᠠᠨ ᠠᠵᠢᠯ ᠢᠶᠠᠨ ᠲᠦᠯᠬᠢᠨ ᠠᠬᠢᠭᠤᠯᠪᠠ᠃ ᠨᠢᠭᠡ ᠳᠤ ᠥᠪᠡᠷᠲᠡᠭᠡᠨ ᠪᠠᠶᠢᠴᠠᠭᠠᠬᠤ ᠱᠠᠲᠤ ᠦᠶ᠎ᠡ᠄ ︽ᠢᠦᠶ ᠴᠢᠤᠸᠠᠨ ᠲᠣᠭᠤᠷᠢᠭ ᠤᠨ ︿ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ﹀ ᠲᠤᠰᠬᠠᠶ ᠠᠵᠢᠯᠯᠠᠭ᠎ᠠ ᠶᠢ ᠦᠷᠨᠢᠭᠦᠯᠬᠦ ᠲᠤᠬᠠᠢ ᠶᠡᠭᠡ ᠲᠠᠯ᠎ᠠ ᠳᠤ ᠦᠢᠯᠡᠴᠢᠯᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠨᠠᠷᠢᠨ ᠬᠠᠭᠤᠳᠠᠰᠤ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠪᠠ᠃ ᠬᠤᠶᠠᠷ ᠲᠤ ᠰᠠᠨᠠᠯ ᠬᠤᠷᠢᠶᠠᠬᠤ ᠱᠠᠲᠤ ᠦᠶ᠎ᠡ᠄ ︽ᠢᠦᠶ ᠴᠢᠤᠸᠠᠨ ᠲᠣᠭᠤᠷᠢᠭ ᠤᠨ ︿ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ﹀ ᠲᠤᠰᠬᠠᠶ ᠠᠵᠢᠯᠯᠠᠭ᠎ᠠ ᠶᠢ ᠦᠷᠨᠢᠭᠦᠯᠬᠦ ᠲᠤᠬᠠᠢ ᠶᠡᠭᠡ ᠲᠠᠯ᠎ᠠ ᠳᠤ ᠦᠢᠯᠡᠴᠢᠯᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠰᠦᠯ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠠᠷᠤᠮᠠᠯᠯᠠᠨ ᠲᠠᠷᠬᠠᠭᠠᠵᠤ᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠮᠡᠳᠡᠭᠦᠯᠦᠨ ᠬᠦᠷᠭᠡᠭᠰᠡᠨ ᠪᠠᠶᠢᠳᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠡᠮᠬᠢᠯᠡᠨ ᠬᠤᠷᠢᠶᠠᠩᠭᠤᠶᠢᠯᠠᠵᠤ ᠨᠠᠷᠢᠨ ᠲᠠᠩᠰᠠ ᠪᠣᠯᠭᠠᠭᠰᠠᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠲᠤ ᠲᠠᠷᠬᠠᠭᠠᠨ ᠰᠠᠨᠠᠯ ᠬᠤᠷᠢᠶᠠᠨ᠎ᠠ᠃ ᠭᠤᠷᠪᠠ ᠳᠤ ᠦᠷ᠎ᠡ ᠪᠦᠲᠦᠭᠡᠯ ᠪᠣᠶ ᠪᠣᠯᠬᠤ ᠱᠠᠲᠤ ᠦᠶ᠎ᠡ᠄ ᠪᠥᠬᠦ ᠲᠤᠭᠤᠷᠢᠭ ᠤᠨ ᠬᠠᠮᠢᠶ᠎ᠠ ᠪᠥᠬᠦᠶ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠪᠴᠢᠶ᠎ᠠ ᠶᠢᠨ ᠬᠤᠷᠠᠯᠳᠤᠭᠤᠯᠤᠭᠰᠠᠨ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠭᠤᠯᠬᠤ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠰᠣᠯᠢᠯᠴᠠᠨ ︽ᠬᠤᠶᠠᠷ ᠰᠢᠯᠢᠳᠡᠭ︾ ᠤᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ 5 ᠳ᠋ᠤᠭᠠᠷ ᠰᠠᠷ᠎ᠠ ᠶᠢᠨ 10 ᠤ ᠡᠳᠦᠷ ︽ᠢᠦᠶ ᠴᠢᠤᠸᠠᠨ ᠲᠣᠭᠤᠷᠢᠭ ᠤᠨ ᠬᠤᠶᠠᠷ ᠰᠢᠯᠢᠳᠡᠭ ᠲᠤᠰᠬᠠᠶ ᠠᠵᠢᠯᠯᠠᠭ᠎ᠠ ᠶᠢ ᠳᠣᠭᠢᠷᠠᠭᠤᠯᠤᠨ ᠠᠬᠢᠭᠤᠯᠬᠤ ᠬᠤᠷᠠᠯ︾ ᠢ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠰᠢᠢᠳᠪᠦᠷᠢᠯᠡᠬᠦ ᠲᠥᠰᠦᠯ ᠢ ᠳᠤᠷᠠᠳᠤᠨ ᠭᠠᠷᠭᠠᠵᠤ᠂ ᠮᠠᠨ ᠤ ᠲᠤᠭᠤᠷᠢᠭ ᠤᠨ ︽ᠬᠤᠶᠠᠷ ᠰᠢᠯᠢᠳᠡᠭ︾ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃      ᠭᠤᠷᠪᠠ᠂ ᠦᠷᠭᠦᠯᠵᠢᠯᠡᠨ ᠲᠡᠭᠦᠯᠳᠡᠷᠵᠢᠭᠦᠯᠵᠦ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠲᠠᠢ ᠪᠤᠯᠭᠠᠨ᠎ᠠ      ᠮᠠᠨ ᠤ ᠲᠤᠭᠤᠷᠢᠭ ︽ᠬᠤᠶᠠᠷ ᠰᠢᠯᠢᠳᠡᠭ︾ ᠤᠨ ᠠᠵᠢᠯ ᠢ ᠬᠡᠷᠡᠭᠵᠢᠭᠦᠯᠬᠦ ᠳᠡᠭᠡᠨ ᠡᠷᠬᠡ ᠶᠢ ᠬᠡᠳᠦᠶ ᠳᠣᠷᠣᠭᠰᠢ ᠪᠠᠭᠤᠯᠭᠠᠭᠰᠠᠨ᠂ ᠬᠡᠷᠡᠭ ᠶᠠᠪᠤᠳᠠᠯ ᠭᠦᠢᠴᠡᠳᠭᠡᠬᠦ ᠴᠢᠬᠤᠯᠠ ᠨᠥᠬᠦᠴᠡᠯ ᠢ ᠬᠡᠳᠦᠶ ᠴᠣᠮᠬᠠᠳᠬᠠᠭᠰᠠᠨ᠂ ᠲᠠᠰ ᠳᠠᠷᠠᠭᠠᠯᠠᠯ ᠤᠨ ᠭᠤᠭᠴᠤᠭ᠎ᠠ ᠶᠢ ᠬᠡᠳᠦᠶ ᠪᠠᠭᠠᠰᠬᠠᠭᠰᠠᠨ᠂ ᠬᠡᠷᠡᠭ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ ᠬᠡᠳᠦᠶ ᠪᠤᠭᠤᠨᠢᠰᠬᠠᠭᠰᠠᠨ ᠭᠡᠳᠡᠭ ᠢᠶᠠᠷ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠠᠵᠢᠯ ᠤᠨ ᠦᠳᠲᠡᠷ ᠲᠦᠷᠭᠡᠨ ᠢᠶᠠᠷ ᠴᠢᠩᠭᠠᠷᠠᠨ᠂ ᠬᠥᠳᠡᠯᠦᠯᠴᠡᠨ ᠬᠥᠳᠡᠯᠦᠯᠴᠡᠵᠦ᠂ ᠲᠤᠭᠤᠷᠢᠭ ᠤᠨ ᠱᠠᠲᠤᠨ ᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠳᠤ ᠬᠦᠴᠦᠲᠡᠶ ᠦᠢᠯᠡᠴᠢᠯᠡᠭᠡ ᠪᠠ ᠪᠠᠲᠤᠯᠠᠭ᠎ᠠ ᠶᠢ ᠳᠥᠯᠭᠢᠨ ᠠᠬᠢᠭᠤᠯᠪᠠ᠃ ᠣᠲᠣ ᠪᠣᠯᠲᠠᠯ᠎ᠠ᠂ ︽ᠬᠤᠶᠠᠷ ᠰᠢᠯᠢᠳᠡᠭ︾ ᠤᠨ ᠦᠷ᠎ᠡ ᠪᠦᠲᠦᠭᠡᠯ ᠨᠢ ᠨᠡᠶᠢᠲᠡ 16 ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠢᠭᠡᠴᠡ ᠶᠢ ᠬᠠᠮᠤᠷᠴᠤ᠂ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠶᠡᠷᠦᠩᠬᠡᠶᠢᠯᠡᠭᠰᠡᠨ ᠴᠤᠩᠬᠤᠪᠴᠢ︾ ᠶᠢᠨ ᠥᠭᠡᠷᠡᠴᠢᠯᠡᠯᠲᠡ᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠭᠠᠳᠠᠨᠠᠬᠢ ᠵᠦᠢᠯᠡᠰ ᠢ ᠨᠡᠶᠢᠲᠡ 406 ᠵᠦᠢᠯ ᠰᠢᠯᠢᠳᠡᠭᠵᠢᠭᠦᠯᠵᠦ᠂ ᠳᠣᠲᠣᠭᠠᠳᠤ ᠶᠢᠨ ᠵᠦᠢᠯᠡᠰ ᠢ ᠨᠡᠶᠢᠲᠡ 2 ᠵᠦᠢᠯ ᠰᠢᠯᠢᠳᠡᠭᠵᠢᠭᠦᠯᠵᠡᠢ᠃ ︽ᠴᠢᠬᠤᠯᠠ ᠨᠥᠬᠦᠴᠡᠯ ᠢ ᠬᠠᠰᠤᠬᠤ᠂ ᠵᠠᠩᠭᠢᠯᠠᠭ᠎ᠠ ᠶᠢ ᠬᠠᠰᠤᠬᠤ᠂ ᠴᠠᠭ ᠤᠨ ᠬᠢᠵᠠᠭᠠᠷ ᠢ ᠬᠠᠰᠤᠬᠤ︾ ᠲᠠᠯ᠎ᠠ ᠪᠠᠷ᠂ ᠬᠡᠷᠡᠭ ᠡᠷᠬᠢᠯᠡᠬᠦ ᠴᠢᠬᠤᠯᠠ ᠨᠥᠬᠦᠴᠡᠯ ᠢ 127 ᠬᠤᠪᠢ ᠴᠣᠮᠬᠠᠳᠬᠠᠵᠤ᠂ ᠴᠣᠮᠬᠠᠳᠬᠠᠭᠰᠠᠨ ᠨᠤᠷᠮ᠎ᠠ ᠨᠢ 4.45% ᠳᠤ ᠬᠦᠷᠪᠡ︔ ᠲᠠᠰ ᠳᠠᠷᠠᠭᠠᠯᠠᠯ ᠤᠨ ᠭᠤᠭᠴᠤᠭ᠎ᠠ ᠶᠢ 263 ᠪᠠᠭᠠᠰᠬᠠᠵᠤ᠂ ᠴᠣᠮᠬᠠᠳᠬᠠᠭᠰᠠᠨ ᠨᠣᠷᠮ᠎ᠠ ᠨᠢ 31.5% ᠳᠤ ᠬᠥᠷᠪᠡ︔ ᠬᠡᠷᠡᠭ ᠡᠷᠬᠢᠯᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ 483 ᠡᠳᠦᠷ ᠪᠣᠭᠤᠨᠢᠰᠬᠠᠵᠤ᠂ ᠪᠠᠭᠠᠰᠬᠠᠬᠤ ᠨᠤᠷᠮ᠎ᠠ ᠨᠢ 37.56%  ᠳᠤ ᠬᠥᠷᠪᠡ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ ᠪᠠ ᠨᠠᠷᠢᠨ ᠳᠠᠩᠰᠠ ᠶᠢ ᠡᠮᠬᠢᠯᠡᠨ ᠳᠢᠭᠯᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠵᠢᠯ ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠢ ᠳᠥᠭᠦᠮᠴᠢᠯᠡᠨ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠦᠴᠢᠷ ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠭᠦᠨ ᠤ ᠤᠯᠠᠮ ᠢᠶᠠᠷ ᠡᠯ᠎ᠡ ᠵᠦᠢᠯ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠶᠢ ᠪᠡᠶᠡᠯᠡᠭᠦᠯᠵᠦ᠂ ᠣᠯᠠᠨ ᠲᠦᠮᠡᠨ ᠳᠤ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ