ᠮᠠᠨ ᠤ ᠬᠤᠲᠠ 2023 ᠣᠨ ᠤ ᠢᠳᠡᠭᠡᠨ ᠤ ᠠᠶᠤᠯᠭᠦᠢ ᠶᠢᠨ ︽ᠴᠢ ᠰᠣᠩᠭᠤᠵᠤ ᠪᠢ ᠪᠠᠶᠢᠴᠠᠭᠠᠶ᠎ᠠ︾ ᠨᠢᠭᠡᠳᠦᠭᠡᠷ ᠬᠤᠭᠤᠴᠠᠭᠠᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/10
      ︵ᠰᠤᠷᠪᠤᠯᠵᠢᠯᠠᠭᠴᠢ ᠴᠢ ᠰᠢᠶᠣᠣ ᠶᠠᠨ︶ ᠢᠳᠡᠭᠡᠨ ᠤ ᠠᠶᠤᠯᠭᠦᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤ ᠠᠶᠤᠯᠭᠦᠢ︾ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2023 ᠣᠨ ᠤ ᠢᠳᠡᠭᠡᠨ ᠤ ᠠᠶᠤᠯᠭᠦᠢ ᠶᠢᠨ ︽ᠴᠢ ᠰᠣᠩᠭᠤᠵᠤ ᠪᠢ ᠪᠠᠶᠢᠴᠠᠭᠠᠶ᠎ᠠ︾ ᠨᠢᠭᠡᠳᠦᠭᠡᠷ ᠬᠤᠭᠤᠴᠠᠭᠠᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠲᠣᠭᠲᠠᠵᠤ᠂ ᠨᠡᠶᠢᠭᠡᠮ ᠤᠨ ᠡᠯ᠎ᠡ ᠡᠲᠡᠭᠡᠳ ᠤᠨ ᠢᠳᠡᠭᠡᠨ ᠤ ᠠᠶᠤᠯᠭᠦᠢ ᠶᠢᠨ ᠬᠢᠨᠠᠯᠲᠠ ᠲᠠᠯᠪᠢᠬᠤ ᠳᠤ ᠣᠷᠣᠯᠴᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠳᠤ ᠬᠠᠤᠯᠢ ᠶᠣᠰᠣᠭᠠᠷ ᠣᠷᠣᠯᠴᠠᠭᠤᠯᠵᠤ᠂ ᠢᠳᠡᠭᠡᠨ ᠤ ᠠᠶᠤᠯᠭᠦᠢ ᠶᠢ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠣᠷᠴᠢᠨ ᠲᠣᠭᠤᠷᠢᠨ ᠢ ᠪᠤᠢ ᠪᠣᠯᠭᠠᠪᠠ᠃      2023 ᠣᠨ ᠤ ᠢᠳᠡᠭᠡᠨ ᠤ ᠠᠶᠤᠯᠭᠦᠢ ᠶᠢᠨ ︽ᠴᠢ ᠰᠣᠩᠭᠤᠵᠤ ᠪᠢ ᠪᠠᠶᠢᠴᠠᠭᠠᠶ᠎ᠠ︾ ᠨᠢᠭᠡᠳᠦᠭᠡᠷ ᠬᠤᠭᠤᠴᠠᠭᠠᠨ ᠤ ᠦᠢᠯᠡᠴᠢᠯᠡᠭᠡᠨ ᠤ ᠠᠵᠢᠯᠯᠠᠭ᠎ᠠ ᠶᠢᠨ ᠮᠡᠳᠡᠭᠡ ᠵᠠᠩᠭᠢ ᠴᠤᠭᠯᠠᠭᠤᠯᠬᠤ ᠠᠵᠢᠯ 7 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠵᠦ᠂ 7 ᠳ᠋ᠤᠭᠠᠷ ᠰᠠᠷ᠎ᠠ ᠶᠢᠨ 18 ᠤ ᠡᠳᠦᠷ ᠳᠠᠭᠤᠰᠤᠨ᠎ᠠ᠃ ᠲᠣᠰ ᠤᠳᠠᠭᠠᠨ ᠤ ᠢᠳᠡᠭᠡᠨ ᠤ ᠠᠶᠤᠯᠭᠦᠢ ᠶᠢᠨ ︽ᠴᠢ ᠰᠣᠩᠭᠤᠵᠤ ᠪᠢ ᠪᠠᠶᠢᠴᠠᠭᠠᠶ᠎ᠠ︾ ᠠᠵᠢᠯᠯᠠᠭ᠎ᠠ ᠳᠤ᠂ ᠬᠥᠬᠡᠬᠤᠲᠠ ᠶᠢᠨ ᠬᠠᠷᠢᠶ᠎ᠠ ᠲᠣᠭᠤᠷᠢᠭ ᠤᠨ ᠬᠡᠪᠴᠢᠶᠡᠨ ᠳᠤ ᠰᠣᠭᠤᠴᠢᠨ ᠪᠠᠶᠢᠴᠠᠭᠠᠬᠤ ᠢᠳᠡᠭᠡᠨ ᠤ ᠲᠥᠷᠥᠯ ᠵᠦᠢᠯ ᠨᠢ 11 ᠶᠡᠭᠡ ᠲᠥᠷᠥᠯ ᠤᠨ 52 ᠨᠠᠷᠢᠨ ᠲᠥᠷᠥᠯ ᠢ ᠪᠠᠭᠲᠠᠭᠠᠵᠤ᠂ ᠬᠡᠷᠡᠭᠯᠡᠭᠴᠢᠳ ᠡᠭᠦᠨ ᠤ ᠳᠣᠲᠣᠷ᠎ᠠ ᠠᠴᠠ ᠳᠤᠷ᠎ᠠ ᠪᠠᠷ ᠢᠶᠠᠨ ᠰᠣᠩᠭᠤᠬᠤ ᠪᠤᠶᠤ ᠥᠪᠡᠷ ᠤᠨ ᠠᠩᠬᠠᠷᠴᠤ ᠪᠠᠶᠢᠭ᠎ᠠ ᠪᠤᠶᠤ ᠪᠠᠶᠢᠴᠠᠭᠠᠬᠤ ᠶᠢ ᠬᠦᠰᠡᠵᠦ ᠪᠠᠶᠢᠭ᠎ᠠ ᠢᠳᠡᠭᠡᠨ ᠤ ᠲᠥᠷᠥᠯ ᠵᠦᠢᠯ ᠪᠠ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠢ ᠰᠣᠩᠭᠤᠵᠤ ᠪᠣᠯᠣᠨ᠎ᠠ᠃      ᠬᠡᠷᠡᠭᠯᠡᠭᠴᠢᠳ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶ᠎ᠡ᠂ ᠠᠯᠪᠠᠨ ᠤ ᠪᠢᠴᠢᠯ ᠪᠦᠷᠭᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠳᠤ ᠭᠠᠷᠴᠤ᠂ ᠢᠳᠡᠭᠡᠨ ᠤ ᠠᠶᠤᠯᠭᠦᠢ ᠶᠢᠨ ︽ᠴᠢ ᠰᠣᠩᠭᠤᠵᠤ ᠪᠢ ᠪᠠᠶᠢᠴᠠᠭᠠᠶ᠎ᠠ︾ ᠠᠵᠢᠯᠯᠠᠭ᠎ᠠ ᠶᠢ ᠲᠣᠪᠴᠢᠳᠠᠵᠤ᠂ ᠨᠡᠶᠢᠲᠡᠯᠡᠭᠰᠡᠨ 13 ᠵᠦᠢᠯ ᠤᠨ ᠢᠳᠡᠭᠡᠨ ᠤ ᠲᠥᠷᠥᠯ ᠵᠦᠢᠯ᠂ ᠲᠠᠯᠠᠪᠤᠷ ᠭᠠᠵᠠᠷ᠂ ᠣᠷᠣᠨ ᠪᠦᠰᠡ ᠶᠢᠨ ᠬᠠᠭᠤᠳᠠᠰᠤ ᠶᠢᠨ ᠳᠣᠲᠣᠷ᠎ᠠ ᠠᠴᠠ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠬᠦᠰᠡᠵᠦ ᠪᠠᠶᠢᠭ᠎ᠠ ᠪᠥᠭᠡᠳ ᠠᠶᠤᠯᠭᠦᠢ ᠶᠢᠨ ᠠᠶᠤᠯ ᠲᠦᠭᠰᠢᠭᠦᠷᠢ ᠣᠷᠣᠰᠢᠵᠤ ᠪᠠᠶᠢᠨ᠎ᠠ ᠭᠡᠵᠦ ᠦᠵᠡᠵᠦ ᠪᠠᠶᠢᠭ᠎ᠠ ᠢᠳᠡᠭᠡᠨ ᠤ ᠲᠥᠷᠥᠯ ᠵᠦᠢᠯ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠢ ᠰᠣᠩᠭᠤᠵᠤ ᠪᠢᠯᠧᠲ ᠥᠭᠬᠦ ᠳᠤ ᠣᠷᠣᠯᠴᠠᠵᠤ ᠪᠣᠯᠣᠨ᠎ᠠ᠃ ᠰᠦᠯᠵᠢᠶᠡᠨ ᠤ ᠬᠠᠶ᠋ᠢᠭ᠄ https://tp-h5.heizhibaishou.com/᠃ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠤ ᠬᠠᠶ᠋ᠢᠭ᠄ http://scjgj.huhhot.gov.cn/᠃ ᠸᠢᠴᠠᠲ᠄ hhtfda᠃ ᠪᠢᠴᠢᠯ ᠪᠦᠷᠭᠡ᠄ https://weibo.com/u/5111224510᠃ ᠰᠢᠤᠳᠠᠨ ᠤ ᠬᠠᠶ᠋ᠢᠭ᠄ ᠰᠢᠨ᠎ᠡ ᠬᠤᠲᠠ ᠲᠣᠭᠤᠷᠢᠭ ᠤᠨ ᠪᠧᠢ ᠶᠤᠸᠠᠨ ᠵᠡᠭᠦᠨ ᠵᠡᠭᠡᠯᠢ ᠶᠢᠨ ᠱᠦᠢ ᠠᠨ ᠵᠢᠵᠢᠭ ᠪᠠᠯᠭᠠᠰᠤ ᠶᠢᠨ G4 ᠠᠰᠠᠷ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 704 ᠲᠠᠰᠤᠭ ᠶᠡᠷᠦᠩᠬᠡᠶᠢᠯᠡᠭᠰᠡᠨ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠰᠠᠯᠠᠭ᠎ᠠ᠂ ᠠᠰᠠᠭᠤᠨ ᠯᠠᠪᠯᠠᠬᠤ ᠤᠲᠠᠰᠤ᠄ 0471-5699772᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠴᠢᠳ ᠤᠨ ᠪᠢᠯᠧᠲ ᠥᠭᠭᠦᠭᠰᠡᠨ ᠪᠠᠶᠢᠳᠠᠯ ᠢ ᠦᠨᠳᠦᠰᠦᠯᠡᠨ ᠬᠤᠷᠢᠶᠠᠩᠭᠤᠶᠢᠯᠠᠨ ᠪᠦᠷᠢᠳᠬᠡᠵᠦ ᠵᠠᠳᠠᠯᠤᠯᠲᠠ ᠬᠢᠵᠦ᠂ ᠢᠳᠡᠭᠡᠨ ᠤ ᠠᠶᠤᠯᠭᠦᠢ ᠶᠢᠨ ᠦᠯᠢᠭᠡᠷ ᠠᠪᠴᠤ ᠪᠠᠶᠢᠴᠠᠭᠠᠬᠤ ᠪᠠᠷᠢᠮᠵᠢᠶ᠎ᠠ᠂ ᠠᠶᠤᠯ ᠲᠦᠭᠰᠢᠭᠦᠷᠢ ᠶᠢᠨ ᠬᠡᠮᠵᠢᠶ᠎ᠡ ᠪᠣᠯᠣᠨ ᠡᠷᠡᠭᠦᠯ ᠮᠡᠨᠳᠦ ᠶᠢᠨ ᠬᠤᠣᠷ ᠬᠥᠨᠥᠭᠡᠯ ᠵᠡᠷᠭᠡ ᠪᠠᠶᠢᠳᠠᠯ ᠢ ᠦᠨᠳᠦᠰᠦᠯᠡᠨ᠂ ᠬᠡᠷᠡᠭᠯᠡᠭᠴᠢᠳ ᠤᠨ ᠠᠩᠬᠠᠷᠤᠯ ᠢ ᠶᠡᠬᠡᠳᠡ ᠲᠠᠲᠠᠭᠰᠠᠨ᠂ ᠬᠠᠮᠤᠭ  ᠠᠴᠠ ᠢᠯᠡᠭᠦᠦ ᠬᠦᠰᠡᠵᠦ ᠪᠠᠶᠢᠭ᠎ᠠ ᠢᠳᠡᠭᠡᠨ ᠤ ᠲᠥᠷᠥᠯ ᠵᠦᠢᠯ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠢ ᠲᠣᠭᠲᠠᠭᠠᠵᠤ᠂ ᠬᠢᠨᠠᠯᠲᠠ ᠲᠠᠯᠪᠢᠵᠤ ᠦᠯᠢᠭᠡᠷ ᠠᠪᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶᠡᠨ ᠳᠡᠭᠡᠷ᠎ᠡ ᠨᠡᠶᠢᠲᠡᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ