ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/7/10
ᠸᠠᠩ ᠯᠢ ᠰᠢᠶᠠ ᠡᠬᠢᠯᠡᠭᠰᠡᠨ ᠢ ᠵᠠᠷᠯᠠᠪᠠ
20230710.jpg
ᠰᠤᠷᠪᠤᠯᠵᠢᠯᠠᠭᠴᠢ ᠮᠠ ᠵᠢᠶᠦ᠋ᠨ ᡂᠢ ᠰᠡᠭᠦᠳᠡᠷᠯᠡᠪᠡ          ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠠᠩ ᠺᠦᠢ  ᠴᠧᠨ ᠨᠠᠷᠠᠨᠲᠤᠩᠭᠠᠯᠠᠭ︶ 7 ᠰᠠᠷ᠎ᠠ ᠶᠢᠨ 8 ᠤ ᠤᠷᠤᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠲᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠣᠷᠣᠯᠴᠠᠪᠠ᠃      20 ᠴᠠᠭ 30 ᠮᠢᠨᠦ᠋ᠲ ᠳᠤ ᠡᠬᠢᠯᠡᠯᠲᠡ ᠶᠢᠨ ᠶᠣᠰᠣᠯᠠᠯ ᠡᠬᠢᠯᠡᠵᠦ᠂ 12 ᠠᠶᠢᠮᠠᠭ ᠬᠤᠳᠠ ᠶᠢᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠠᠭᠤᠯᠠᠨ ᠪᠥᠵᠢᠭᠯᠡᠵᠦ ᠬᠤᠷᠠᠯ ᠤᠨ ᠲᠠᠯᠠᠪᠠᠢ ᠳᠤ ᠠᠯᠬᠤᠨ ᠣᠷᠣᠵᠤ ᠢᠷᠡᠬᠦ ᠳᠤ ᠠᠯᠠᠭ᠎ᠠ ᠳᠠᠰᠢᠯᠲᠠ ᠶᠢᠨ ᠲᠠᠭᠤᠨ ᠪᠠ ᠤᠤᠬᠠᠶᠢᠯᠠᠯ ᠬᠠᠰᠭᠢᠷᠤᠯ ᠲᠠᠯᠠᠪᠠᠢ ᠲᠦᠭᠦᠷᠡᠩ ᠴᠠᠯᠭᠢᠯᠠᠯ᠎ᠠ᠃ ᠳᠠᠷᠠᠭ᠎ᠠ ᠨᠢ ᠨᠢᠭᠡᠨ ᠲᠠᠯᠠᠪᠠᠢ ᠭᠤᠢᠳᠠ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠲᠣᠭᠯᠠᠯᠲᠠ ᠪᠠᠷ ᠴᠤᠭᠯᠠᠭᠠᠨ ᠤ ᠬᠥᠰᠢᠭᠡ ᠶᠢ ᠰᠡᠬᠦᠵᠦ᠂ ︽ᠮᠠᠭᠲᠠᠭᠠᠯ ᠲᠠᠭᠤᠤ ᠪᠠᠨ ᠲᠠᠬᠢᠨᠲᠠ ᠳᠠᠭᠤᠯᠠᠵᠤ ᠨᠠᠮ ᠳᠠᠭᠠᠨ ᠡᠷᠭᠦᠨᠠᠮ︾᠂ ︽ᠮᠢᠩᠭᠠᠨ ᠭᠠᠵᠠᠷ ᠤᠨ ᠲᠠᠯ᠎ᠠ ᠨᠤᠲᠤᠭ ᠦᠵᠡᠰᠭᠦᠯᠡᠩ ᠰᠠᠶᠢᠬᠠᠨ︾᠂ ︽ᠲᠠᠩᠰᠤᠭ ᠰᠠᠶᠢᠬᠠᠨ ᠦᠨᠳᠦᠰᠦᠲᠡᠨ ᠤ ᠵᠠᠩ ᠵᠠᠩᠰᠢᠯ︾᠂ ︽ᠴᠠᠭ ᠦᠶ᠎ᠡ ᠳᠤ ᠣᠰᠣᠯᠳᠠᠯ ᠥᠬᠡᠶ ᠳᠠᠷᠪᠠᠭᠤᠯ ᠬᠡᠶᠢᠰᠬᠡᠨ ᠤᠷᠤᠭᠰᠢᠯᠠᠨᠠᠮ︾ ᠂ ︽ᠪᠦᠯᠬᠦᠮᠳᠡᠨ ᠲᠡᠮᠡᠴᠡᠵᠦ ᠢᠷᠡᠭᠡᠳᠦᠶ ᠵᠦᠭ ᠤᠷᠤᠭᠰᠢᠯᠠᠨᠠᠮ︾ ᠭᠡᠬᠦ ᠲᠠᠪᠤᠨ ᠪᠦᠯᠦᠭ ᠢᠶᠠᠷ ᠲᠠᠮᠵᠢᠭᠤᠯᠤᠨ ᠰᠦᠷᠯᠢᠭ ᠰᠠᠶᠢᠬᠠᠨ᠂ ᠡᠶᠡᠪᠡᠷᠬᠦᠦ ᠰᠠᠶᠢᠬᠠᠨ᠂ ᠰᠠᠶᠢᠨ ᠰᠠᠶᠢᠬᠠᠨ ᠥᠪᠥᠷ ᠮᠣᠩᠭᠤᠯ ᠢ ᠬᠠᠷᠠᠭᠤᠯᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠶ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ 1985 ᠣᠨ ᠠᠴᠠ ᠣᠳᠣ ᠪᠣᠯᠲᠠᠯ᠎ᠠ ᠨᠢᠭᠡᠨᠲᠡ 9 ᠬᠤᠭᠤᠴᠠᠭ᠎ᠠ ᠠᠮᠵᠢᠯᠲᠠ ᠲᠠᠢ ᠡᠷᠬᠢᠯᠡᠪᠡ᠃ ᠲᠣᠰ ᠬᠤᠭᠤᠴᠠᠭᠠᠨ ᠤ ᠴᠤᠭᠯᠠᠭᠠᠨ ᠨᠢ ︽ᠦᠵᠡᠰᠭᠦᠯᠡᠩᠲᠤ ᠰᠠᠶᠢᠬᠠᠨ ᠦᠨᠢᠷ ᠪᠠᠶᠠᠯᠢᠭ ᠤᠯᠠᠭᠠᠨᠴᠠᠪ · ᠡᠶ᠎ᠡ ᠵᠤᠬᠢᠴᠠᠯᠲᠤ ᠦᠨᠳᠦᠰᠦᠲᠡᠨ ᠤ ᠦᠪᠡᠳᠡᠭᠰᠢ ᠴᠤᠭᠯᠠᠭᠠᠨ︾ ᠢᠶᠠᠷ ᠭᠤᠤᠯ ᠰᠡᠳᠦᠪ ᠢᠶᠠᠨ ᠪᠣᠯᠭᠠᠵᠤ᠂ 6 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ ᠪᠥᠬᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ ᠬᠠᠷᠪᠤᠯᠳᠠ᠂ ᠪᠢᠯᠠᠭᠤ ᠵᠡᠷᠭᠡ 15 ᠤᠷᠤᠯᠳᠤᠭᠠᠨ ᠤ ᠲᠥᠷᠥᠯ ᠵᠦᠢᠯ ᠪᠠ ᠮᠣᠩᠭᠤᠯ ᠭᠡᠷ ᠪᠠᠷᠢᠬᠤ᠂ ᠲᠡᠮᠡᠭᠡᠨ ᠪᠥᠮᠪᠦᠭᠡ᠂ ᠱᠠᠭ᠎ᠠ᠂ ᠪᠣᠶᠢᠺᠤ ᠵᠡᠷᠭᠡ 4 ᠲᠣᠭᠯᠠᠯᠲᠠ ᠶᠢᠨ ᠲᠥᠷᠥᠯ ᠵᠦᠢᠯ ᠢ ᠲᠤᠬᠢᠷᠠᠭᠤᠯᠵᠤ᠂ ᠪᠥᠬᠦ ᠣᠷᠣᠨ ᠤ 12 ᠠᠶᠢᠮᠠᠭ ᠬᠤᠲᠠ ᠶᠢᠨ 1700 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠡᠨᠡ ᠬᠤᠭᠤᠴᠠᠭᠠᠨ ᠳᠤ ᠪᠠᠰᠠ ᠦᠨᠳᠦᠰᠦᠲᠡᠨ ᠤ ᠬᠠᠮᠲᠤ ᠶᠢᠨ ᠨᠠᠶᠢᠷ ᠪᠠ ᠵᠢᠭᠤᠯᠴᠢᠯᠠᠯ ᠤᠨ ᠨᠠᠭᠠᠳᠤᠮ ᠤᠨ ᠠᠵᠢᠯᠯᠠᠭ᠎ᠠ ᠥᠷᠨᠢᠭᠦᠯᠬᠦ ᠪᠣᠯᠣᠨ᠎ᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ