ᠠᠵᠢᠯ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠬᠤ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2023/7/21
       ᠤᠯᠤᠰ ᠤᠨ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ  ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ  ᠲᠢᠩᠬᠢᠮ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠵᠢᠯ ᠳᠤ ᠪᠠᠶᠢᠭ᠎ᠠ ᠪᠠᠭᠰᠢ ᠶᠢᠨ  ᠲᠥᠯᠥᠪᠦᠷᠢ ᠲᠠᠢ ᠪᠠᠷ ᠬᠢᠴᠢᠶᠡᠯ ᠨᠦᠬᠦᠬᠦᠵᠦ ᠪᠠᠶᠢᠭ᠎ᠠ ᠡᠷᠦᠶ ᠬᠤᠷᠤᠶ ᠥᠬᠡᠶ ᠦᠵᠡᠭᠳᠡᠯ ᠢ ᠡᠷᠡᠰ ᠬᠤᠷᠢᠭᠯᠠᠵᠤ᠂  ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠴᠣᠭᠴᠠᠯᠠᠨ ᠪᠠᠶᠢᠭᠤᠯᠵᠤ᠂ ᠥᠷᠭᠡᠨ ᠣᠯᠠᠨ ᠪᠠᠭᠰᠢ  ᠰᠤᠷᠤᠭᠴᠢᠳ ᠤᠨ ᠡᠷᠡᠭᠦᠯ ᠴᠢᠭᠢᠷᠠᠭ᠂ ᠪᠣᠯᠪᠠᠰᠤᠨ᠂ ᠪᠠᠶᠠᠷ ᠬᠥᠷ ᠲᠠᠢ ᠵᠣᠨ ᠤ ᠠᠮᠠᠷᠠᠯᠲᠠ ᠪᠠᠨ ᠥᠩᠭᠡᠷᠡᠭᠦᠯᠬᠦ ᠶᠢ  ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠳᠤ ᠠᠵᠢᠯ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠪᠠᠷ ᠬᠢᠴᠢᠶᠡᠯ  ᠨᠥᠬᠦᠬᠦ ᠶᠢ ᠴᠢᠩᠭ᠎ᠠ ᠴᠠᠭᠠᠵᠠᠯᠠᠬᠤ ᠲᠤᠬᠠᠶ ᠳᠣᠤᠷᠠᠬᠢ ᠮᠡᠲᠦ ᠵᠠᠷᠯᠠᠶ᠎ᠠ᠄            ᠨᠢᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ  ᠪᠠᠶᠢᠭᠤᠯᠤᠮᠵᠢ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠲᠥᠯᠥᠪᠦᠷᠢ ᠲᠠᠢ ᠪᠠᠷ ᠬᠢᠴᠢᠶᠡᠯ  ᠨᠥᠬᠦᠬᠦ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠡᠯᠡᠳᠬᠡᠮᠵᠢ ᠪᠠ ᠲᠠᠯᠠᠪᠤᠷ ᠬᠠᠩᠭᠠᠬᠤ ᠶᠢ ᠴᠢᠩᠭ᠎ᠠ  ᠴᠠᠭᠠᠵᠠᠯᠠᠨ᠎ᠠ᠃            ᠬᠤᠶᠠᠷ᠂ ᠠᠵᠢᠯ ᠳᠤ ᠪᠠᠶᠢᠭ᠎ᠠ ᠪᠠᠭᠰᠢ ᠶᠢᠨ ᠳ᠋ᠢᠶᠠᠩᠬᠤᠸᠠ᠂ ᠪᠢᠴᠢᠯ ᠪᠦᠷᠭᠡ᠂ ᠸᠢᠴᠠᠲ ᠵᠡᠷᠭᠡ ᠠᠷᠭ᠎ᠠ  ᠵᠠᠮ ᠢᠶᠠᠷ ᠰᠣᠷᠣᠭᠴᠢ ᠡᠯᠰᠡᠬᠦ ᠮᠡᠳᠡᠭᠡ ᠵᠠᠩᠭᠢ ᠨᠡᠶᠢᠲᠡᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠰᠣᠷᠣᠭᠴᠢ ᠶᠢ  ᠲᠠᠨᠢᠯᠴᠠᠭᠤᠯᠬᠤ᠂ ᠬᠥᠲᠥᠯᠦᠨ ᠵᠢᠯᠣᠭᠤᠳᠬᠤ᠂ ᠠᠯᠪᠠᠳᠠᠵᠤ ᠪᠠᠶᠢᠭᠠᠳ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ  ᠣᠷᠣᠯᠴᠠᠭᠤᠯᠬᠤ ᠶᠢ ᠴᠢᠩᠭ᠎ᠠ ᠴᠠᠭᠠᠵᠠᠯᠠᠨ᠎ᠠ᠃            ᠭᠤᠷᠪᠠ᠂ ᠠᠵᠢᠯ ᠳᠤ ᠪᠠᠶᠢᠭ᠎ᠠ ᠪᠠᠭᠰᠢ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ  ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ ᠪᠤᠶᠤ ᠪᠤᠰᠤᠳ ᠪᠠᠭᠰᠢ᠂ ᠬᠡᠷ ᠤᠨ  ᠠᠬᠠᠮᠠᠳ᠂ ᠬᠡᠷ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠶᠠᠮᠠᠷᠪᠠ ᠨᠡᠷ᠎ᠡ᠂ ᠶᠠᠮᠠᠷᠪᠠ ᠬᠡᠯᠪᠡᠷᠢ ᠶᠢᠨ  ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠨ᠎ᠠ᠃            ᠳᠥᠷᠪᠡ᠂ ᠠᠵᠢᠯ ᠳᠤ ᠪᠠᠶᠢᠭ᠎ᠠ ᠪᠠᠭᠰᠢ ᠶᠢᠨ ᠠᠵᠢᠯ ᠤᠨ ᠲᠥᠬᠦᠮ ᠨᠥᠬᠦᠴᠡᠯ ᠢᠶᠠᠨ ᠠᠰᠢᠭᠯᠠᠨ  ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠪᠤᠰᠤᠳ ᠬᠥᠮᠦᠨ ᠳᠤ ᠰᠣᠷᠣᠭᠴᠢ ᠶᠢᠨ  ᠢᠷᠡᠯᠲᠡ ᠶᠢ ᠲᠠᠨᠢᠯᠴᠠᠭᠤᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠩᠭᠠᠬᠤ ᠶᠢ ᠴᠢᠩᠭ᠎ᠠ ᠴᠠᠭᠠᠵᠠᠯᠠᠨ᠎ᠠ᠃  ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠵᠢᠯ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠪᠠᠷ  ᠬᠢᠴᠢᠶᠡᠯ ᠨᠥᠬᠦᠬᠦ ᠠᠵᠢᠯᠯᠠᠭ᠎ᠠ ᠳᠤ ︽ᠣᠭᠲᠣ ᠠᠭᠤᠴᠢᠯᠠᠬᠤ ᠥᠬᠡᠶ︾ ᠪᠠᠶᠢᠬᠤ ᠶᠢ ᠪᠠᠷᠢᠮᠲᠠᠯᠠᠨ᠂ ᠵᠣᠨ ᠤ  ᠠᠮᠠᠷᠠᠯᠲᠠ ᠶᠢᠨ ᠬᠤᠭᠤᠴᠠᠭᠠᠨ ᠳᠤ ᠪᠠᠶᠢᠴᠠᠭᠠᠵᠤ ᠰᠢᠪᠠᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠵᠠᠪᠠᠯ  ᠪᠠᠶᠢᠴᠠᠭᠠᠵᠤ ᠳᠣᠲᠣᠯᠠᠪᠠᠯ ᠵᠠᠪᠠᠯ ᠰᠢᠳᠬᠡᠬᠦ︾ ᠵᠠᠷᠴᠢᠮ ᠢ ᠪᠠᠷᠢᠮᠲᠠᠯᠠᠨ᠂ ᠴᠢᠩᠭ᠎ᠠ ᠴᠣᠬᠢᠯᠲᠠ ᠥᠭᠬᠦ ᠶᠢᠨ ᠬᠠᠮᠲᠤ  ᠢᠯᠡᠴᠢᠯᠡᠵᠦ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠬᠠᠮᠠᠭᠠᠯᠠᠨ᠎ᠠ᠃ ᠵᠠᠷᠯᠢᠭ ᠪᠠᠶᠢᠲᠠᠯ᠎ᠠ  ᠬᠡᠷᠡᠭᠵᠢᠭᠦᠯᠬᠦ ᠥᠬᠡᠶ᠂ ᠴᠠᠭᠠᠵᠠᠯᠠᠵᠤ ᠪᠠᠶᠢᠲᠠᠯ᠎ᠠ ᠵᠣᠭᠰᠣᠬᠤ ᠥᠬᠡᠶ᠂ ᠰᠠᠬᠢᠯᠭ᠎ᠠ ᠪᠠᠲᠤ ᠶᠢ ᠥᠰᠢᠯᠳᠦᠨ  ᠵᠥᠷᠢᠴᠡᠭᠰᠡᠨ ᠪᠠᠭᠰᠢ ᠶᠢ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠥᠮᠥᠭᠯᠡᠵᠦ ᠳᠤᠷ᠎ᠠ ᠪᠠᠷ ᠨᠢ ᠲᠠᠯᠪᠢᠭᠰᠠᠨ᠂ ᠠᠯᠪᠠ ᠬᠠᠰᠢᠵᠤ ᠠᠮᠠ ᠪᠥᠭᠯᠡᠭᠰᠡᠨ ᠪᠤᠶᠤ ᠠᠰᠠᠭᠤᠳᠠᠯ ᠣᠯᠠᠨᠲᠠ  ᠭᠠᠷᠴᠤ ᠪᠠᠶᠢᠭ᠎ᠠ ᠭᠠᠵᠠᠷ ᠣᠷᠣᠨ ᠪᠠ ᠰᠤᠷᠭᠠᠭᠤᠯᠢ ᠶᠢ ᠱᠠᠳᠤ ᠳᠠᠷᠠᠭᠠᠯᠠᠨ ᠪᠣᠯᠵᠣᠨ ᠶᠠᠷᠢᠯᠴᠠᠬᠤ ᠶᠢᠨ ᠬᠠᠮᠲᠤ  ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠭᠡᠮ ᠤᠨ ᠡᠯ᠎ᠡ ᠡᠲᠡᠭᠡᠳ ᠵᠢᠴᠢ ᠥᠷᠭᠡᠨ ᠣᠯᠠᠨ ᠰᠣᠷᠣᠭᠴᠢ᠂  ᠬᠡᠷ ᠤᠨ ᠠᠬᠠᠮᠠᠳ ᠤᠨ ᠢᠳᠡᠪᠬᠢᠲᠡᠶ ᠪᠠᠷ ᠳᠡᠮᠵᠢᠨ ᠬᠠᠮᠵᠢᠯᠴᠠᠵᠤ᠂ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠴᠢᠩᠭ᠎ᠠ ᠬᠢᠨᠠᠯᠲᠠ ᠲᠠᠯᠪᠢᠵᠤ᠂ ᠦᠨᠡᠨ ᠮᠥᠨ ᠢᠶᠠᠷ ᠨᠢ ᠢᠯᠡᠴᠢᠯᠡᠨ ᠮᠡᠳᠡᠭᠦᠯᠵᠦ᠂ ᠬᠡᠤᠬᠡᠳ ᠤᠨ ᠡᠷᠡᠭᠦᠯ ᠢᠶᠠᠷ  ᠦᠰᠦᠨ ᠪᠤᠶᠢᠵᠢᠬᠤ ᠳᠤ ᠬᠦᠴᠦ ᠪᠠᠨ ᠬᠠᠮᠲᠤᠳᠬᠠᠨ ᠰᠤᠷᠲᠠᠯ ᠴᠢᠬᠡᠴᠢ ᠣᠪᠣᠷ ᠲᠥᠪ ᠰᠤᠷᠭᠠᠨ ᠬᠥᠮᠦᠵᠢᠯ ᠤᠨ  ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢ ᠪᠠᠶᠠᠷᠯᠠᠨ ᠤᠭᠲᠤᠨ᠎ᠠ᠃      ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ  ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠ  ᠰᠢᠤᠳᠠᠨ ᠬᠠᠶᠢᠷᠴᠠᠭ 
2023-07-26-35173cc1fd-85b1-.jpg
                             2023 ᠣᠨ ᠤ 7 ᠳ᠋ᠤᠭᠠᠷ ᠰᠠᠷ᠎ᠠ ᠶᠢᠨ 20 ᠤ ᠡᠳᠦᠷ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ