︵ᠰᠤᠷᠪᠤᠯᠵᠢᠯᠠᠭᠴᠢ ᠯᠢᠦ ᠱᠠ ᠱᠠ︶ 7 ᠳ᠋ᠤᠭᠠᠷ ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ | ᠬᠡᠯᠲᠡᠰ᠂ ᠬᠤᠳᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠠᠮᠲᠤᠷᠠᠨ ᠬᠤᠳᠠ ᠶᠢᠨ ᠨᠠᠮ ᠤᠨ ᠬᠤᠷᠢᠶ᠎ᠠ ᠶᠢᠨ | ᠨᠠᠮ ᠤᠨ ᠰᠤᠷᠭᠠᠭᠤᠯᠢ ᠳᠤ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠡᠷᠬᠢᠯᠡᠪᠡ᠃ | ᠲᠤᠰ ᠤᠳᠠᠭ᠎ᠠ ᠶᠢᠨ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠼᠦᠢ ᠸᠧᠨ | ᠵᠢᠩ ᠢ ᠤᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠤᠰᠬᠠᠢ ᠰᠡᠳᠦᠪᠲᠦ ᠲᠠᠶᠢᠯᠤᠮᠵᠢ | ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨᠠᠯᠲᠠ ᠪᠠᠶᠢᠴᠠᠭᠠᠯᠲᠠ ᠶᠢᠨ ᠭᠠᠵᠠᠷ ᠤᠨ ᠳᠠᠷᠤᠭ᠎ᠠ ᠯᠢ ᡁᠢ | ᠲᠢᠶᠠᠨ ᠢ ᠤᠷᠢᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠲᠤᠰᠬᠠᠢ ᠰᠡᠳᠦᠪᠲᠦ ᠬᠠᠪᠰᠤᠷᠤᠨ | ᠵᠢᠯᠣᠭᠤᠳᠤᠯᠭ᠎ᠠ ᠬᠢᠯᠭᠡᠪᠡ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠬᠢᠭᠡᠳ ᠨᠢᠭᠡᠳᠦᠮᠡᠯ ᠹᠷᠣᠨᠲ ᠤᠨ ᠣᠨᠣᠯ ᠤᠨ | ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠪᠠᠭᠠᠲᠤᠷ ᠠᠴᠠ ᠰᠤᠷᠤᠭᠴᠢᠳ ᠲᠤ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠬᠢᠭᠰᠡᠨ ᠪᠥᠭᠡᠳ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠰᠡᠳᠦᠪᠲᠦ ᠬᠢᠴᠢᠶᠡᠯ ᠤᠨ ᠲᠠᠩᠬᠢᠮ ᠢ ᠲᠣᠭᠤᠷᠢᠨ ᠦᠵᠡᠪᠡ᠃ | ᠲᠤᠰ ᠤᠳᠠᠭᠠᠨ ᠤ ᠪᠣᠯᠪᠠᠰᠤᠷᠠᠭᠤᠯᠤᠯ ᠨᠢ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠡᠰ ᠳᠡᠪᠰᠢᠬᠦ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠪᠦᠬᠦ ᠤᠯᠤᠰ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠬᠦ ᠳᠤ | ᠪᠦᠲᠦᠮᠵᠢᠲᠡᠢ ᠤᠨᠤᠯ ᠤᠨ ᠵᠢᠯᠣᠭᠤᠳᠤᠯᠭ᠎ᠠ ᠪᠠ ᠴᠢᠳᠠᠪᠤᠷᠢ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ | ᠪᠣᠯᠪᠠᠰᠤᠷᠠᠭᠤᠯᠤᠯ ᠢᠶᠠᠷ ᠳᠠᠮᠵᠢᠨ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠥᠷᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠠᠭᠤᠯᠤᠭᠳᠠᠬᠤᠨ᠂ | ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠨᠡᠩ ᠭᠦᠨᠵᠡᠭᠡᠢ ᠪᠦᠬᠦ ᠲᠠᠯ᠎ᠠ ᠶᠢᠨ ᠲᠠᠨᠢᠯᠲᠠ ᠲᠠᠢ ᠪᠣᠯᠵᠠᠢ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃ | ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠲᠡ 154 ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃ | |