ᠪᠦᠲᠦᠭᠡᠯ ᠡᠯᠰᠡᠨ᠎ᠡ︕ ︽ᠭᠦᠭᠡᠬᠤᠲᠠ ᠶᠢᠨ ᠢᠮ ᠲᠠᠮᠠᠭ᠎ᠠ︾ ᠲᠠᠨ ᠢ ︽ᠲᠠᠨᠢᠯᠴᠠᠭᠤᠯᠤᠭᠴᠢ︾ ᠪᠠᠷ ᠤᠷᠢᠵᠤ ᠪᠤᠢ
ᠨᠡᠶᠢᠲᠡᠯᠡᠭᠰᠡᠨ ᠴᠠᠭ᠄
2023/7/27
      ᠳ᠋ᠠ ᠶᠣᠣ ᠶᠢᠨ ᠰᠣᠶᠣᠯ ᠠᠴᠠ ᠶᠦᠨ ᠵᠥᠩ ᠤᠨ ᠡᠷᠲᠡᠨ ᠤ ᠵᠢᠶᠦ᠋ᠨ ᠭᠦᠷᠲᠡᠯ᠎ᠡ᠂ ᠵᠣᠣ ᠵᠢᠶᠦ᠋ᠨ ᠪᠣᠭᠤᠮᠲᠠ ᠠᠴᠠ ᠭᠠᠷᠤᠭᠰᠠᠨ ᠠᠴᠠ ᠵᠢᠶᠦ᠋ᠨ ᠽᠢ  ᠶᠢᠨ ᠤ ᠣᠯᠣᠮ ᠭᠦᠷᠲᠡᠯ᠎ᠡ᠂ ᠱᠧᠩ ᠯᠧ ᠶᠢᠨ ᠡᠷᠲᠡᠨ ᠤ ᠬᠤᠲᠠ ᠠᠴᠠ ᠵᠠᠩᠵᠤᠨ ᠤ ᠶᠠᠮᠤᠨ ᠭᠦᠷᠲᠡᠯ᠎ᠡ ᠁ ᠨᠢᠭᠡ ᠬᠤᠲᠠ ᠮᠥᠨ ᠴᠦ ᠨᠢᠭᠡ ᠢᠵᠢ ᠲᠡᠦᠬᠡ ᠪᠠᠶᠢᠯ᠎ᠠ᠃
6382596640821753212031141.jpg     
      ᠲᠠᠪᠢᠨ ᠲᠦᠮᠡᠨ ᠣᠨ ᠤ ᠬᠥᠬᠡ ᠲᠡᠦᠬᠡ ᠠᠴᠠ ᠵᠠᠭᠤ ᠵᠠᠭᠤᠨ ᠢᠮ ᠲᠠᠮᠠᠭ᠎ᠠ ᠡᠷᠢᠨ᠎ᠡ᠃ ᠭᠦᠭᠡᠬᠤᠲᠠ ᠶᠢᠨ ᠢᠮ ᠲᠠᠮᠠᠭ᠎ᠠ ᠪᠣᠯ ᠤᠯᠠ ᠮᠥᠷ᠂ ᠭᠱᠠᠨ ᠵᠠᠭᠤᠷ᠎ᠠ ᠮᠥᠷᠲᠡᠭᠡᠨ ᠮᠥᠩᠬᠡ ᠶᠢᠨ᠂ ᠦᠨᠳᠦᠰᠦ ᠰᠤᠳᠠᠰᠤ ᠪᠤᠯᠬᠤ ᠪᠠᠷ ᠪᠠᠷᠠᠬᠤ ᠦᠭᠡᠢ ᠨᠡᠩ ᠴᠤ ᠢᠷᠡᠭᠡᠳᠦᠢ᠂ ᠭᠦᠭᠡᠬᠤᠲᠠ ᠶᠢᠨ ᠬᠡᠪ ᠨᠠᠮᠪᠠ ᠪᠣᠯ ᠭᠦᠭᠡᠬᠤᠲᠠ ᠶᠢᠨ ᠲᠡᠦᠬᠡᠨ ᠨᠣᠮ ᠳᠡᠭᠡᠷ᠎ᠡ ᠰᠡᠶᠢᠯᠦᠭᠰᠡᠨ ᠪᠣᠯᠪᠠᠰᠤᠨ ᠤ ᠬᠤᠷᠠᠮᠳᠤᠯ᠂ ︽ᠤᠮᠠᠷᠠᠲᠤ ᠬᠢᠯᠢ ᠶᠢᠨ ᠰᠣᠶᠣᠯ︾ ᠤᠨ ᠣᠷᠭᠠᠨᠢᠭ ᠴᠣᠭᠴᠠ ᠳᠤ ᠠᠭᠤᠰᠤᠯᠴᠠᠭᠰᠠᠨ ᠭᠦᠭᠡᠬᠤᠲᠠ ᠶᠢᠨ ᠰᠣᠶᠣᠯ ᠤᠨ ᠤᠯᠠᠮᠵᠢᠯᠠᠯ᠂ ᠳᠤᠮᠳᠠᠳᠤ ᠶᠢᠨ ᠰᠣᠶᠣᠯ ᠤᠨ ᠤᠯᠠᠮᠵᠢᠯᠠᠯ ᠪᠠ ᠬᠥᠭᠵᠢᠯᠲᠡ ᠪᠣᠯᠣᠨ᠎ᠠ᠃      ᠡᠷᠲᠡᠨ ᠤ ᠬᠡᠪ ᠦᠯᠡᠳᠡᠭᠳᠡᠯ ᠨᠠᠮᠪᠠ᠂ ᠠᠷᠠᠳ ᠤᠨ ᠵᠠᠩ ᠦᠢᠯᠡ ᠶᠢᠨ ᠦᠯᠢᠭᠡᠷ᠂ ᠵᠡᠭᠡᠯᠢ ᠭᠤᠳᠤᠮᠵᠢ ᠪᠠᠷ ᠤᠷᠤᠰᠤᠨ ᠥᠩᠭᠡᠷᠡᠭᠰᠡᠨ ᠴᠠᠭ ᠣᠷᠣᠨ ᠵᠠᠢ᠂ ᠣᠷᠳᠣᠨ ᠬᠦᠷᠢᠶᠡᠯᠡᠩ ᠤᠨ ᠳᠤᠷᠠᠰᠤᠮᠵᠢ᠂ ᠭᠦᠭᠡᠬᠤᠲᠠ ᠶᠢᠨ ᠦᠵᠡᠮᠵᠢ ᠪᠠᠭᠤᠷᠢ ᠁ ᠲᠠ ᠪᠠᠭᠤᠷᠢ ᠰᠣᠶᠣᠯ ᠤᠨ ᠦᠯᠡᠳᠡᠭᠳᠡᠯ᠂ ᠰᠣᠶᠣᠯ ᠤᠨ ᠭᠠᠵᠠᠷ ᠵᠦᠢ  ᠶᠢᠨ ᠲᠡᠮᠳᠡᠭ ᠢ ᠲᠠᠨᠢᠯᠴᠠᠭᠤᠯᠵᠤ ᠪᠣᠯᠣᠨ᠎ᠠ᠂ ᠪᠠᠰᠠ ᠠᠯᠳᠠᠷᠲᠤ ᠦᠵᠡᠮᠵᠢ ᠶᠢᠨ ᠭᠠᠵᠠᠷ᠂ ᠣᠨᠴᠠᠯᠢᠭᠲᠤ ᠠᠮᠲᠠᠲᠤ ᠢᠳᠡᠭᠡᠨ ᠢ ᠲᠠᠨᠢᠯᠴᠠᠭᠤᠯᠵᠤ ᠪᠣᠯᠣᠨ᠎ᠠ᠂ ᠪᠠᠰᠠ ᠰᠢᠨ᠎ᠡ ᠬᠠᠭᠤᠴᠢᠨ ᠵᠡᠭᠡᠯᠢ ᠭᠤᠳᠤᠮᠵᠢ᠂ ᠡᠷᠲᠡᠨ ᠤ ᠮᠣᠳᠣ ᠨᠠᠷᠠᠲᠤ ᠮᠣᠳᠣ ᠶᠢ ᠲᠠᠨᠢᠯᠴᠠᠭᠤᠯᠵᠤ ᠪᠣᠯᠣᠨ᠎ᠠ᠃ ᠡᠲᠡᠭᠡᠷ ᠭᠡᠯᠪᠡᠷᠢ ᠪᠠᠶᠢᠳᠠᠯ ᠢᠶᠠᠷ ᠪᠠᠶᠠᠯᠢᠭ ᠬᠤᠲᠠ ᠶᠢᠨ ᠢᠮ ᠲᠠᠮᠠᠭ᠎ᠠ ᠨᠢ ᠨᠡᠯᠢᠶᠡᠳ ᠪᠦᠷᠢᠨ ᠪᠦᠲᠦᠨ ᠰᠣᠶᠣᠯ ᠤᠨ ᠲᠡᠮᠳᠡᠭ ᠤᠨ ᠴᠤᠭᠯᠠᠷᠠᠯ ᠪᠣᠯᠵᠤ ᠪᠦᠷᠢᠯᠳᠦᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠣᠰᠣ ᠵᠦᠢ ᠳᠤ ᠠᠭᠤᠰᠤᠨ᠂ ᠬᠤᠲᠠ ᠶᠢᠨ ᠴᠢᠨᠠᠷ ᠴᠢᠨᠰᠠᠭ᠎ᠠ ᠶᠢᠨ ᠠᠭᠤᠯᠤᠭᠳᠠᠬᠤᠨ ᠢ ᠳᠡᠭᠡᠭᠰᠢᠯᠡᠭᠦᠯᠭᠦ ᠠᠴᠢᠶᠠᠯᠠᠭᠴᠢ ᠪᠤᠯᠬᠤ ᠪᠣᠯᠣᠨ᠎ᠠ᠃      ᠲᠠᠨᠢᠯᠴᠠᠭᠤᠯᠬᠤ ᠠᠭᠤᠯᠭ᠎ᠠ ᠶᠢ ᠲᠠᠨᠢ ᠭᠥᠯᠢᠶᠡᠨ ᠠᠪᠬᠤ ᠳᠤ ᠯᠠ ᠭᠦᠷᠪᠡᠯ᠂ ᠲᠠᠨ ᠳᠤ ︽ᠭᠦᠭᠡᠬᠤᠲᠠ ᠶᠢᠨ ᠢᠮ ᠲᠠᠮᠠᠭ᠎ᠠ ᠶᠢᠨ ᠲᠠᠨᠢᠯᠴᠠᠭᠤᠯᠤᠭᠴᠢ︾  ᠶᠢᠨ ᠴᠣᠯᠠ ᠣᠯᠭᠤᠵᠤ᠂ ᠭᠦᠭᠡᠬᠤᠲᠠ ᠶᠢᠨ ᠦᠵᠡᠮᠵᠢ ᠶᠢᠨ ᠣᠷᠣᠨ ᠳᠤ ᠰᠦᠢᠳᠬᠡᠯ ᠦᠭᠡᠢ ᠪᠠᠷ ᠵᠢᠭᠤᠯᠴᠢᠯᠠᠬᠤ ᠵᠡᠷᠭᠡ ᠬᠠᠷᠠᠭᠠᠯᠵᠠᠯ ᠢ ᠬᠦᠷᠲᠡᠭᠡᠨ᠎ᠡ᠃      ᠶᠠᠭᠤ ᠬᠦᠯᠢᠶᠡᠬᠦ ᠪᠤᠢ᠂ ᠬᠤᠷᠳᠤᠨ ᠢᠷᠡᠵᠦ ᠲᠠᠨ ᠤ ᠬᠢ ᠯᠠ ᠭᠡᠰᠡᠨ ᠲᠤᠰᠬᠠᠢ ᠢᠮ ᠲᠠᠮᠠᠭ᠎ᠠ ᠪᠠᠨ ᠦᠯᠡᠳᠡᠭᠡᠭᠡᠷᠡᠢ︕      ᠭᠤᠣᠯᠯᠠᠨ ᠡᠷᠭᠢᠯᠡᠭᠰᠡᠨ ᠨᠢᠭᠡᠴᠢ᠄ ᠭᠦᠭᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ   ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ      ᠬᠠᠮᠲᠤᠷᠠᠨ ᠠᠵᠢᠯᠯᠠᠬᠤ ᠨᠢᠭᠡᠴᠢ᠄ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ   ᠭᠦᠭᠡᠬᠤᠲᠠ ᠶᠢᠨ ᠬᠠᠮ ᠵᠠᠭᠤᠴᠢᠯᠠᠭᠤᠷ ᠤᠨ ᠲᠥᠪ      ᠳᠡᠮᠵᠢᠯᠭᠡ ᠬᠠᠩᠭᠠᠭᠰᠠᠨ ᠵᠠᠭᠤᠴᠢᠯᠠᠭᠤᠷ ᠤᠨ ᠬᠢᠨ᠄ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠣᠯᠠᠨ ᠤᠯᠤᠰ ᠤᠨ ᠰᠦᠯᠵᠢᠶ᠎ᠡ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ᠂ ᠥᠪᠥᠷ ᠮᠣᠩᠭᠤᠯ ᠤᠨ ᠡᠳᠦᠷ ᠤᠨ ᠰᠣᠨᠢᠨ᠂ ᠲᠠᠯ᠎ᠠ ᠨᠤᠲᠤᠭ ᠪᠦᠷᠢᠨ ᠵᠠᠭᠤᠴᠢᠯᠠᠭᠤᠷ᠂ ᠪᠧᠨ ᠲᠧᠩ ᠬᠠᠮ ᠵᠠᠭᠤᠴᠢᠯᠠᠭᠤᠷ᠂ ᠦᠯᠡᠳᠦᠯᠭᠡ ᠰᠡᠳᠬᠦᠯ ᠤᠨ ᠬᠤᠷᠢᠶ᠎ᠠ᠂ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ᠂ ᠤᠮᠠᠷᠠᠲᠤ ᠶᠢᠨ ᠰᠦᠯᠵᠢᠶ᠎ᠡ᠂ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ᠂ ᠤᠮᠠᠷᠠᠲᠤ ᠶᠢᠨ ᠰᠢᠨ᠎ᠡ ᠰᠣᠨᠢᠨ᠂ ᠴᠢᠩ ᠴᠧᠩ ᠬᠠᠮ ᠵᠠᠭᠤᠴᠢᠯᠠᠭᠤᠷ᠂ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ᠂ ᠲᠧᠩ ᠰᠢᠶᠦ᠋ᠨ ᠥᠪᠥᠷ ᠮᠣᠩᠭᠤᠯ᠂ ᠰᠢᠨ ᠯᠠᠩ ᠥᠪᠥᠷ ᠮᠣᠩᠭᠤᠯ;      ᠣᠷᠤᠯᠴᠠᠬᠤ ᠠᠷᠭ᠎ᠠ ᠮᠠᠶ᠋ᠢᠭ ︵ᠳᠣᠣᠷᠠᠬᠢ ᠠᠷᠭ᠎ᠠ ᠮᠠᠶ᠋ᠢᠭ ᠢᠶᠠᠷ ᠪᠦᠷ ᠣᠷᠣᠯᠴᠠᠵᠤ ᠪᠣᠯᠣᠨ᠎ᠠ︶᠄      1. ᠲᠠᠯ᠎ᠠ ᠨᠤᠲᠤᠭ ᠪᠦᠷᠢᠨ ᠵᠠᠭᠤᠴᠢᠯᠠᠭᠤᠷ ᠤᠨ ᠰᠢᠯᠵᠢᠶ᠎ᠡ᠂ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ᠂ ᠤᠮᠠᠷᠠᠲᠤ ᠶᠢᠨ ᠰᠦᠯᠵᠢᠶ᠎ᠡ ᠳᠤ ᠭᠠᠷᠴᠤ᠂ ︽ᠤᠮᠠᠷᠠᠲᠤ ᠬᠢᠯᠢ ᠶᠢᠨ ᠰᠣᠶᠣᠯ  ᠭᠦᠭᠡᠬᠤᠲᠠ ᠶᠢᠨ ᠢᠮ ᠲᠠᠮᠠᠭ᠎ᠠ -- ᠰᠣᠶᠣᠯ ᠤᠨ ᠲᠡᠮᠳᠡᠭ ᠤᠨ ᠴᠤᠭᠯᠠᠷᠠᠯ ᠤᠨ ᠲᠥᠷᠥᠯ ᠵᠦᠢᠯ ᠢ ᠴᠤᠭᠯᠠᠭᠤᠯᠬᠤ ᠠᠵᠢᠯᠯᠠᠭ᠎ᠠ︾ ᠶᠢᠨ ᠲᠤᠰᠬᠠᠢ ᠪᠤᠯᠤᠩ ᠢ ᠲᠣᠪᠴᠢᠳᠠᠵᠤ᠂ ᠠᠯᠬᠤᠮ ᠳᠠᠷᠠᠭ᠎ᠠ ᠶᠣᠰᠣᠭᠠᠷ ᠲᠠᠨᠢᠯᠴᠠᠭᠤᠯᠬᠤ ᠠᠭᠤᠯᠭ᠎ᠠ ᠶᠢ ᠳᠠᠮᠵᠢᠭᠤᠯᠤᠨ᠎ᠠ;      2. ᠰᠢᠨ ᠯᠠᠩ ᠪᠢᠴᠢᠯ ᠪᠦᠷᠭᠡ ᠶᠢᠨ ᠬᠡᠷᠡᠭᠯᠡᠭᠴᠢ ᠵᠢᠷᠤᠭ ᠪᠤᠶᠤ ᠣᠬᠤᠷ    ᠸᠢᠳᠢᠤ᠋ + ᠲᠠᠨᠢᠯᠴᠠᠭᠤᠯᠬᠤ ᠦᠭᠡ ᠪᠠᠨ ᠢᠯᠡ ᠪᠠᠷ ᠨᠡᠶᠢᠲᠡᠯᠡᠵᠦ᠂ ᠶᠠᠷᠢᠶᠠᠨ ᠤ ᠰᠡᠳᠦᠪ # ᠭᠦᠭᠡᠬᠤᠲᠠ ᠶᠢᠨ ᠢᠮ ᠲᠠᠮᠠᠭ᠎ᠠ ᠶᠢᠨ ᠲᠠᠨᠢᠯᠴᠠᠭᠤᠯᠤᠭᠴᠢ # ᠶᠢ ᠳᠠᠭᠠᠭᠤᠯᠤᠨ᠎ᠠ᠂ ᠡᠭᠦᠨ ᠤ ᠬᠠᠮᠲᠤ @ᠥᠪᠥᠷ ᠮᠣᠩᠭᠤᠯ ᠤᠨ ᠡᠳᠦᠷ ᠤᠨ ᠰᠣᠨᠢᠨ;      3. ᠴᠤᠤᠷᠢᠶ᠎ᠠ ᠶᠢᠨ ᠬᠡᠷᠡᠭᠯᠡᠭᠴᠢ ᠣᠬᠤᠷ ᠸᠢᠳᠢᠤ᠋ ᠪᠠᠨ ᠰᠢᠩᠭᠡᠭᠡᠵᠦ᠂ ᠸᠢᠳᠢᠤ᠋ ᠪᠠᠨ ᠨᠡᠶᠢᠲᠡᠯᠡᠬᠦ ᠳᠡᠭᠡᠨ ᠶᠠᠷᠢᠶᠠᠨ ᠤ ᠰᠡᠳᠦᠪ # ᠭᠦᠭᠡᠬᠤᠲᠠ ᠶᠢᠨ ᠢᠮ ᠲᠠᠮᠠᠭ᠎ᠠ ᠶᠢᠨ ᠲᠠᠨᠢᠯᠴᠠᠭᠤᠯᠤᠭᠴᠢ # ᠶᠢ ᠨᠡᠮᠡᠬᠦ ᠶᠢᠨ ᠬᠠᠮᠲᠤ @ᠲᠠᠯ᠎ᠠ ᠨᠤᠲᠤᠭ ᠤᠨ ᠬᠠᠮ ᠵᠠᠭᠤᠴᠢᠯᠠᠭᠤᠷ;      4. ᠲᠠᠨᠢᠯᠴᠠᠭᠤᠯᠬᠤ ᠵᠢᠷᠤᠭ ᠪᠤᠶᠤ ᠣᠬᠤᠷ ᠸᠢᠳᠢᠤ᠋ + ᠲᠠᠨᠢᠯᠴᠠᠭᠤᠯᠬᠤ ᠦᠭᠡ ᠪᠠᠨ qcyj2023@163.com ᠳᠤ ᠢᠮᠧᠯ ᠶᠠᠪᠤᠭᠤᠯᠤᠨ᠎ᠠ;      5. ᠲᠠᠨᠢᠯᠴᠠᠭᠤᠯᠤᠭᠰᠠᠨ ᠵᠠᠬᠢᠳᠠᠯ ᠢᠶᠠᠨ ᠰᠢᠤᠳᠠᠨ ᠢᠶᠠᠷ ᠭᠦᠭᠡᠬᠤᠲᠠ ᠶᠢᠨ ᠰᠠᠶᠢᠬᠠᠨ ᠲᠣᠭᠤᠷᠢᠭ ᠤᠨ ᠠᠯᠲᠠᠨ ᠵᠡᠭᠡᠯᠢ ᠳᠠᠬᠢ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠣᠨᠢᠨ ᠮᠡᠳᠡᠭᠡᠨ ᠤ ᠲᠣᠮᠣ ᠠᠰᠠᠷ ᠭᠡᠬᠦ ᠬᠠᠶ᠋ᠢᠭ ᠢᠶᠠᠷ ︽ᠭᠦᠭᠡᠬᠤᠲᠠ ᠶᠢᠨ ᠢᠮ ᠲᠠᠮᠠᠭ᠎ᠠ ᠴᠤᠭᠯᠠᠭᠤᠯᠬᠤ ᠳᠤᠭᠤᠶᠢᠯᠠᠩ︾ ᠳᠤ ᠢᠯᠡᠭᠡᠨ᠎ᠡ᠃      ᠡᠯᠰᠡᠬᠦ ᠴᠠᠭ᠄ ᠲᠣᠰ ᠡᠳᠦᠷ ᠠᠴᠠ ᠡᠬᠢᠯᠡᠨ 8 ᠰᠠᠷ᠎ᠠ ᠶᠢᠨ 20 ᠤ ᠡᠳᠦᠷ ᠪᠤᠯᠲᠠᠯ᠎ᠠ      ᠡᠯᠰᠡᠬᠦ ᠱᠠᠭᠠᠷᠳᠠᠯᠭ᠎ᠠ᠄      1. ᠲᠠᠨᠢᠯᠴᠠᠭᠤᠯᠬᠤ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠶᠣᠰᠣ ᠮᠣᠷᠠᠯ ᠤᠨ ᠵᠢᠷᠤᠮᠵᠢᠯ ᠳᠤ ᠨᠡᠶᠢᠴᠡᠵᠦ᠂ ᠴᠠᠭ ᠦᠶᠡᠴᠢ ᠴᠢᠨᠠᠷ ᠢ ᠢᠯᠡᠷᠡᠭᠦᠯᠦᠨ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠬᠤ ᠭᠡᠷᠡᠭᠲᠡᠢ;      2. ᠲᠠᠨᠢᠯᠴᠠᠭᠤᠯᠤᠭᠰᠠᠨ ᠦᠰᠦᠭ ᠤᠨ ᠲᠤᠭ᠎ᠠ ᠨᠢ 500 ᠦᠰᠦᠭ ᠤᠨ ᠳᠣᠲᠣᠷ᠎ᠠ ᠪᠠᠶᠢᠵᠤ᠂ ᠦᠭᠡ ᠥᠭᠦᠯᠡᠪᠦᠷᠢ ᠨᠢ ᠰᠢᠷᠭᠠᠭᠠᠮᠠᠯ ᠠᠪᠰᠠᠷᠬᠠᠨ᠂ ᠲᠣᠭᠠᠴᠢᠯᠲᠠ ᠨᠢ ᠣᠨᠣᠪᠴᠢᠲᠠᠶ ᠪᠠᠶᠢᠬᠤ ᠭᠡᠷᠡᠭᠲᠡᠶ;      3. ᠲᠠᠨᠢᠯᠴᠠᠭᠤᠯᠤᠭᠰᠠᠨ ᠠᠭᠤᠯᠭ᠎ᠠ ᠨᠢ ᠤᠭ ᠪᠦᠲᠦᠭᠡᠯ ᠪᠠᠶᠢᠬᠤ ᠬᠡᠷᠡᠭᠲᠡᠢ᠂ ᠮᠡᠳᠡᠭᠦᠯᠦᠨ ᠬᠦᠷᠭᠡᠭᠴᠢ ᠨᠢ ᠪᠦᠲᠦᠭᠡᠯ ᠤᠨ ᠢᠶᠠᠨ ᠪᠦᠷᠢᠨ ᠬᠡᠪᠯᠡᠯ ᠤᠨ ᠡᠷᠬᠡ ᠲᠠᠢ ᠪᠠᠶᠢᠬᠤ;      4. ᠣᠬᠤᠷ ᠸᠢᠳᠢᠤ᠋ ᠶᠢ ᠲᠠᠨᠢᠯᠴᠠᠭᠤᠯᠬᠤ ᠳᠤ ᠠᠭᠤᠯᠭ᠎ᠠ ᠨᠢ ᠪᠦᠷᠢᠨ ᠪᠦᠲᠦᠨ᠂ ᠵᠢᠷᠤᠭ ᠨᠢ ᠠᠪᠴᠠᠯᠳᠤᠭᠰᠠᠨ᠂ ᠴᠠᠭ ᠨᠢ 1 ᠮᠢᠨᠦ᠋ᠲ ᠤᠨ ᠳᠣᠲᠣᠷ᠎ᠠ ᠪᠠᠶᠢᠬᠤ ᠬᠡᠷᠡᠭᠲᠡᠢ᠃      ᠶᠡᠷᠦᠩᠬᠡᠢ ᠲᠥᠰᠥᠪᠯᠡᠭᠴᠢ᠄  ᠸᠠᠩ ᠳ᠋ᠧᠩ ᠬᠤᠸᠠ    ᠯᠢᠦ ᠵᠢᠩ       ᠶᠡᠷᠦᠩᠬᠡᠢ ᠬᠢᠨᠠᠭᠴᠢ᠄  ᠸᠠᠩ ᠢᠦᠢ ᠲᠢᠶᠠᠨ      ᠬᠢᠨᠠᠭᠴᠢ᠄  ᠸᠠᠩ ᠵᠢᠩ ᠢᠦᠢ    ᠯᠢᠦ ᠴᠦᠨ    ᠵᠤᠤ ᠸᠧᠨ ᠼᠦᠢ      ᠡᠬᠡ ᠪᠢᠴᠢᠭ᠄  ᠯᠠᠨ ᠲᠢᠶᠠᠨ    ᠯᠢ ᠴᠢᠶᠠᠨ      ᠦᠢᠯᠡᠳᠦᠭᠴᠢ᠄  ᠰᠤᠷᠤᠨ᠎ᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ