ᠬᠥᠬᠡᠬᠤᠲᠠ ᠠᠴᠠ ᠤᠯᠠᠭᠠᠨᠪᠠᠭᠠᠲᠤᠷ ᠬᠦᠷᠬᠦ ᠠᠭᠠᠷ ᠤᠨ ᠠᠶᠠᠯᠠᠯ ᠤᠨ ᠱᠤᠭᠤᠮ ᠢ ᠰᠡᠷᠭᠦᠭᠡᠪᠡ
ᠨᠡᠶᠢᠲᠡᠯᠡᠭᠰᠡᠨ ᠴᠠᠭ᠄
2023/7/27
      7 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠬᠥᠬᠡᠬᠤᠲᠠ ᠶᠢᠨ ᠡᠵᠡᠩᠨᠡᠯᠲᠡ ᠶᠢᠨ ᠬᠡᠯᠲᠡᠰ ᠠᠴᠠ ᠢᠷᠡᠭᠦᠯᠦᠭᠰᠡᠨ ᠮᠡᠳᠡᠭᠡ ᠶᠢ ᠦᠨᠳᠦᠰᠦᠯᠡᠪᠡᠯ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠬᠥᠬᠡᠬᠤᠲᠠ ᠠᠴᠠ ᠤᠯᠠᠭᠠᠨᠪᠠᠭᠠᠲᠤᠷ ᠬᠦᠷᠬᠦ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠳᠠᠬᠢᠨ ᠰᠡᠷᠭᠦᠭᠡᠵᠦ᠂ ᠠᠩᠬᠠᠨ ᠤ ᠡᠭᠡᠯᠵᠢ ᠶᠢᠨ ᠨᠢᠰᠬᠡᠯ ᠨᠢ 2023 ᠣᠨ ᠤ 8 ᠳ᠋ᠤᠭᠠᠷ ᠰᠠᠷ᠎ᠠ ᠶᠢᠨ 6 ᠤ ᠡᠳᠦᠷ ᠨᠢᠰᠬᠦ ᠪᠣᠯᠤᠨ᠎ᠠ᠃ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ  ᠶᠢᠨ ᠬᠥᠬᠡᠬᠤᠲᠠ  ᠠᠴᠠ᡺ ᠤᠯᠠᠭᠠᠨᠪᠠᠭᠠᠲᠤᠷ ᠬᠦᠷᠬᠦ ᠠᠭᠠᠷ ᠤᠨ ᠠᠶᠠᠯᠠᠯ ᠤᠨ ᠱᠤᠭᠤᠮ ᠨᠢ ᠪᠥᠸᠧ ᠶᠢᠨ 737—800 ᠬᠡᠯᠪᠡᠷᠢ  ᠶᠢᠨ ᠨᠢᠰᠬᠡᠯ  ᠢᠶᠠᠷ ᠨᠢᠰᠦᠨ᠎ᠡ᠂ ᠡᠭᠡᠯᠵᠢ ᠶᠢᠨ ᠳ᠋ᠤᠭᠠᠷ ᠨᠢ CA753/4᠂  ᠭᠠᠷᠠᠭ ᠪᠦᠷᠢ ᠶᠢᠨ ᠭᠠᠷᠠᠭ ᠤᠨ ᠳᠥᠷᠪᠡᠨ᠂ ᠭᠠᠷᠠᠭ ᠤᠨ ᠡᠳᠦᠷ ᠨᠢᠰᠦᠨ᠎ᠡ᠃  ᠨᠢᠰᠬᠦ ᠴᠠᠭ ᠨᠢ 10:10 ᠳᠤ ᠬᠥᠬᠡᠬᠤᠲᠠ ᠠᠴᠠ ᠨᠢᠰᠴᠦ᠂ 12:10 ᠳᠤ ᠤᠯᠠᠭᠠᠨᠪᠠᠭᠠᠲᠤᠷ ᠲᠤ ᠪᠠᠭᠤᠨ᠎ᠠ︔ 13᠄ 20 ᠳᠤ ᠤᠯᠠᠭᠠᠨᠪᠠᠭᠠᠲᠤᠷ ᠠᠴᠠ ᠨᠢᠰᠴᠦ᠂ 15᠄ 10 ᠳᠤ ᠬᠥᠬᠡᠬᠤᠲᠠ ᠳᠤ ᠪᠠᠭᠤᠨ᠎ᠠ᠃ ᠪᠣᠳᠠᠲᠠᠢ ᠨᠠᠷᠢᠨ ᠪᠠᠶᠢᠳᠠᠯ ᠢ ᠪᠣᠷᠤᠯᠠᠭᠤᠯᠭ᠎ᠠ ᠶᠢᠨ ᠦᠵᠦᠭᠦᠷᠯᠢᠭ ᠢᠶᠠᠷ ᠪᠠᠷᠢᠮᠵᠢᠶ᠎ᠠ ᠪᠣᠯᠭᠠᠨ᠎ᠠ᠃      ᠨᠠᠩ ᠣᠯᠠᠨ ᠨᠠᠷᠢᠨ ᠪᠠᠶᠢᠳᠠᠯ ᠢ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠠᠯᠪᠠᠨ ᠰᠦᠯᠵᠢᠶ᠎ᠡ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠰᠢᠯᠵᠢᠮᠡᠯ ᠦᠵᠦᠭᠦᠷᠯᠢᠭ ︵ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ APP᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠠᠯᠪᠠᠨ ᠤ ᠸᠢᠴᠠᠲ ᠪᠠ ᡁᠢ ᠹᠦ᠋ ᠪᠣᠣ ᠶᠢᠨ ᠵᠢᠵᠢᠭ ᠫᠷᠣᠭ᠍ᠷᠠᠮ︶᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ ᠪᠤᠶᠤ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠪᠣᠷᠤᠯᠠᠭᠤᠯᠭ᠎ᠠ ᠶᠢᠨ ᠦᠢᠯᠡᠴᠢᠯᠡᠭᠡᠨ ᠤ ᠤᠲᠠᠰᠤ 95583 ᠵᠡᠷᠭᠡ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠣᠶᠢᠯᠠᠭᠠᠵᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ