ᠬᠥᠬᠡᠬᠤᠲᠠ 2023 ᠣᠨ ᠤ ᠳᠤᠮᠳᠠᠳᠤ ᠤᠯᠤᠰ ᠤᠨ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠵᠣᠨ ᠤ ᠤᠯᠠᠷᠢᠯ ᠤᠨ ᠠᠮᠠᠷᠠᠨ ᠰᠤᠪᠢᠯᠠᠬᠤ ᠭᠠᠵᠠᠷ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/7/28
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠵᠢᠯ ᠲᠥᠷᠥᠯ ᠤᠨ ᠰᠤᠳᠤᠯᠭᠠᠨ ᠤ ᠬᠦᠷᠢᠶᠡᠯᠡᠩ ᠠᠴᠠ ︽2023 ᠣᠨ ᠤ ᠳᠤᠮᠳᠠᠳᠤ ᠤᠯᠤᠰ ᠤᠨ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠵᠣᠨ ᠤ ᠤᠯᠠᠷᠢᠯ ᠤᠨ ᠠᠮᠠᠷᠠᠨ ᠰᠤᠪᠢᠯᠠᠬᠤ ᠭᠠᠵᠠᠷ ᠲᠤ ᠲᠣᠬᠢᠷᠠᠬᠤ ᠢᠯᠡᠳᠬᠡᠯ ᠲᠤᠭ᠎ᠠ︾ ᠶᠢ ᠨᠡᠶᠢᠲᠡᠯᠡᠪᠡ᠂ ᠦᠨᠡᠯᠡᠯᠲᠡ ᠶᠢᠨ ᠳ᠋ᠦᠩ ᠠᠴᠠ ᠦᠵᠡᠪᠡᠯ᠂ ᠬᠥᠬᠡᠬᠤᠲᠠ 2023 ᠣᠨ ᠤ ᠳᠤᠮᠳᠠᠳᠤ ᠤᠯᠤᠰ ᠤᠨ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠵᠣᠨ ᠤ ᠤᠯᠠᠷᠢᠯ ᠤᠨ ᠠᠮᠠᠷᠠᠨ ᠰᠤᠪᠢᠯᠠᠬᠤ ᠭᠠᠵᠠᠷ ᠢᠶᠠᠷ ᠰᠣᠩᠭᠤᠭᠳᠠᠵᠠᠢ᠃      ᠲᠠᠨᠢᠯᠴᠠᠭᠤᠯᠤᠭᠰᠠᠨ ᠢᠶᠠᠷ᠂ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠪᠣᠯ ᠳᠠᠷᠤᠢ ᠤᠯᠠᠷᠢᠯ ᠤᠨ ᠬᠤᠪᠢᠷᠠᠯᠲᠠ ᠶᠢ ᠳᠠᠭᠠᠯᠳᠤᠨ᠂ ᠠᠳᠠᠯᠢ ᠪᠤᠰᠤ ᠭᠠᠵᠠᠷ ᠣᠷᠣᠨ ᠳᠤ ᠵᠢᠭᠤᠯᠴᠢᠯᠠᠨ ᠠᠮᠠᠷᠠᠵᠤ᠂ ᠠᠳᠠᠯᠢ ᠪᠤᠰᠤ ᠦᠵᠡᠮᠵᠢ ᠪᠠ ᠰᠣᠶᠣᠯ ᠢ ᠪᠡᠶᠡᠴᠢᠯᠡᠨ ᠣᠶᠢᠯᠠᠭᠠᠬᠤ ᠶᠢ ᠭᠡᠯᠡᠵᠦ ᠪᠠᠶᠢᠨ᠎ᠠ᠃ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠠᠮᠠᠷᠠᠨ ᠰᠤᠪᠢᠯᠠᠬᠤ ᠭᠠᠵᠠᠷ ᠪᠣᠯᠬᠤ ᠳᠤ ᠡᠷᠬᠡᠪᠰᠢ 17 ᠵᠦᠢᠯ ᠤᠨ ᠭᠦᠢᠴᠡᠳᠬᠡᠯ ᠲᠤᠭ᠎ᠠ ᠶᠢ ᠬᠠᠩᠭᠠᠬᠤ ᠬᠡᠷᠡᠭᠲᠡᠢ᠂ ᠡᠭᠦᠨ ᠳᠤ᠄ ᠠᠭᠠᠷ ᠤᠨ ᠳᠤᠯᠠᠭᠠᠨ᠂ ᠠᠭᠠᠷ ᠤᠨ ᠳᠠᠷᠤᠯᠲᠠ᠂ ᠴᠢᠭᠢᠭ ᠤᠨ ᠬᠡᠮᠵᠢᠶ᠎ᠡ᠂ ᠠᠭᠠᠷ ᠤᠨ ᠶᠠᠰᠤ ᠴᠢᠨᠠᠷ᠂ ᠤᠰᠤᠨ ᠤ ᠶᠠᠰᠤ ᠴᠢᠨᠠᠷ᠂ ᠡᠮᠴᠢᠯᠡᠭᠡᠨ ᠤ ᠨᠥᠬᠦᠴᠡᠯ᠂ ᠵᠠᠮ ᠬᠠᠷᠢᠯᠴᠠᠭᠠᠨ ᠤ ᠲᠥᠬᠦᠮ ᠳᠥᠲᠡ ᠶᠢᠨ ᠬᠡᠮᠵᠢᠶ᠎ᠡ᠂ ᠣᠷᠣᠨ ᠪᠦᠰᠡ ᠶᠢᠨ ᠪᠠᠶᠢᠭᠠᠯᠢ ᠶᠢᠨ ᠥᠩᠭᠡ ᠦᠵᠡᠮᠵᠢ ᠪᠠ ᠬᠥᠮᠥᠨ ᠰᠣᠶᠣᠯ ᠤᠨ ᠦᠵᠡᠮᠵᠢ᠂ ᠠᠮᠢᠳᠤᠷᠠᠯ ᠤᠨ ᠥᠪᠡᠷ ᠤᠨ ᠥᠷᠲᠡᠭ ᠵᠡᠷᠭᠡ ᠪᠠᠭᠲᠠᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 7 ᠬᠤᠲᠠ ᠰᠣᠩᠭᠤᠭᠳᠠᠵᠤ᠂ ᠬᠥᠬᠡᠬᠤᠲᠠ ᠡᠭᠦᠨ ᠳᠤ ᠣᠷᠣᠵᠠᠢ᠃ ᠬᠥᠬᠡᠬᠤᠲᠠ ᠪᠣᠯ ᠥᠨᠢ ᠤᠳᠠᠭᠠᠨ ᠲᠡᠦᠬᠡ ᠲᠠᠢ ᠪᠥᠭᠡᠳ ᠭᠡᠷᠡᠯ ᠰᠠᠴᠤᠷᠠᠩᠭᠤᠢ ᠰᠣᠶᠣᠯ ᠲᠠᠢ᠂ ᠬᠤᠶᠢᠲᠤ ᠲᠠᠯ᠎ᠠ ᠳᠠᠭᠠᠨ ᠲᠠᠯ᠎ᠠ ᠨᠤᠲᠤᠭ ᠲᠠᠢ᠂ ᠪᠠᠷᠠᠭᠤᠨ ᠲᠠᠯ᠎ᠠ ᠳᠠᠭᠠᠨ ᠡᠯᠡᠰᠦ ᠮᠠᠩᠬ᠎ᠠ ᠲᠠᠢ᠂ ᠡᠮᠦᠨ᠎ᠡ ᠲᠠᠯ᠎ᠠ ᠳᠠᠭᠠᠨ ᠬᠠᠳᠤᠨ ᠭᠤᠣᠯ ᠲᠠᠢ᠂ ᠵᠡᠭᠦᠨᠰᠢ ᠪᠡᠭᠡᠵᠢᠩ ᠲᠢᠶᠠᠨᠵᠢᠨ ᠲᠠᠢ ᠣᠶᠢᠷᠠᠬᠠᠨ ᠴᠢᠬᠤᠯᠠ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠨᠢᠭᠡ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ