ᠬᠥᠬᠡᠬᠤᠲᠠ ᠶᠢᠨ ᠰᠢᠨᠬᠤᠸᠠ ᠲᠠᠯᠠᠪᠠᠢ ᠶᠢᠨ ᠠᠩᠬᠠᠳᠤᠭᠠᠷ ᠬᠤᠭᠤᠴᠠᠭᠠᠨ ᠤ ᠴᠢᠩᠳᠣᠣ ᠫᠢᠸᠤ᠋ ᠶᠢᠨ ᠳᠠᠭᠤᠤ ᠬᠥᠭᠵᠢᠮ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/7/28
 ︵ᠰᠤᠷᠪᠤᠯᠵᠢᠯᠠᠭᠴᠢ ᠴᠢ ᠰᠢᠶᠣᠣ ᠶᠠᠨ︶ 7 ᠳ᠋ᠤᠭᠠᠷ ᠰᠠᠷ᠎ᠠ ᠶᠢᠨ 27 ᠤ ᠣᠷᠣᠢ ᠰᠢᠨᠬᠤᠸᠠ ᠲᠠᠯᠠᠪᠠᠶ ᠳᠤ ᠳ᠋ᠧᠩ ᠤᠨ ᠭᠡᠷᠡᠯ ᠭᠢᠯᠠᠯᠵᠠᠨ᠂ ᠬᠥᠮᠥᠨ ᠤ ᠳᠠᠯᠠᠢ ᠪᠣᠯᠵᠤ ᠪᠠᠶᠢᠯ᠎ᠠ᠃ ᠬᠥᠬᠡᠬᠤᠲᠠ ᠶᠢᠨ ᠰᠢᠨᠬᠤᠸᠠ ᠲᠠᠯᠠᠪᠠᠢ ᠶᠢᠨ ᠠᠩᠬᠠᠳᠤᠭᠠᠷ ᠬᠤᠭᠤᠴᠠᠭᠠᠨ ᠤ ᠴᠢᠩᠳᠣᠣ ᠫᠢᠸᠤ᠋ ᠶᠢᠨ ᠳᠠᠭᠤᠤ ᠬᠥᠭᠵᠢᠮ ᠤᠨ ᠨᠠᠶᠢᠷ ᠡᠬᠢᠯᠡᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠬᠥᠬᠡᠬᠤᠲᠠ ᠶᠢᠨ ᠰᠢᠨᠬᠤᠸᠠ ᠲᠠᠯᠠᠪᠠᠢ ᠶᠢᠨ ᠠᠩᠬᠠᠳᠤᠭᠠᠷ ᠬᠤᠭᠤᠴᠠᠭᠠᠨ ᠤ ᠴᠢᠩᠳᠣᠣ ᠫᠢᠸᠤ᠋ ᠶᠢᠨ ᠳᠠᠭᠤᠤ ᠬᠥᠭᠵᠢᠮ ᠤᠨ ᠨᠠᠶᠢᠷ ᠢ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠧᠨ ᠬᠤᠸᠠ ᠪᠦᠯᠦᠭᠯᠡᠯ ᠠᠴᠠ ᠭᠤᠣᠯᠯᠠᠨ ᠡᠷᠬᠢᠯᠡᠵᠦ᠂ ᠴᠢᠩᠳᠣᠣ ᠫᠢᠸᠤ᠋ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠳᠡᠮᠵᠢᠵᠡᠢ᠃ ᠡᠭᠦᠨ ᠤ ᠵᠣᠷᠢᠯᠭ᠎ᠠ ᠨᠢ ᠥᠷᠭᠡᠨ ᠤᠯᠠᠨ ᠬᠤᠳᠠ ᠶᠢᠨ ᠠᠷᠠᠳ ᠲᠤ ᠫᠢᠸᠤ᠋ ᠶᠢᠨ ᠰᠣᠶᠣᠯ᠂ ᠰᠦᠯᠵᠢᠶᠡᠨ ᠳᠡᠭᠡᠷᠡᠬᠢ ᠠᠮᠲᠠᠲᠤ ᠢᠳᠡᠭᠡᠨ᠂ ᠤᠯᠤᠰ ᠤᠨ ᠤᠷᠤᠰᠬᠠᠯ ᠳᠠᠭᠤᠤ ᠬᠥᠭᠵᠢᠮ᠂ ᠰᠡᠯᠡᠭᠦᠴᠡᠯ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠰᠣᠶᠣᠯ ᠤᠨ ᠦᠪᠡᠳᠡᠭᠰᠢ ᠨᠠᠶᠢᠷ ᠢ ᠵᠣᠬᠢᠶᠠᠨ ᠪᠠᠶᠢᠭᠤᠯᠵᠤ᠂ ᠡᠭᠦᠪᠡᠷ ᠬᠥᠬᠡᠬᠤᠲᠠ ᠶᠢᠨ ᠬᠤᠳᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠬᠡᠬᠤᠲᠠ ᠶᠢᠨ ︽ᠰᠥᠨᠢ ᠶᠢᠨ ᠠᠵᠤ ᠠᠬᠤᠢ︾ ᠶᠢ ᠳᠠᠬᠢᠨᠲᠠ ᠬᠥᠭᠵᠢᠭᠡᠵᠦ᠂ ᠬᠡᠷᠡᠭᠯᠡᠭᠡᠨ ᠤ ᠰᠢᠨ᠎ᠡ ᠤᠷᠤᠰᠬᠠᠯ ᠢ ᠪᠤᠢ ᠪᠣᠯᠭᠠᠵᠤ᠂ ᠤᠯᠠᠨ ᠳᠤ ᠴᠠᠭ ᠤᠨ ᠥᠩᠭᠡ ᠶᠢ ᠳᠠᠭᠠᠭᠰᠠᠨ ᠲᠥᠷᠥᠭᠳᠡᠯ ᠪᠣᠯᠣᠨ ︽ᠠᠮᠢᠳᠤᠷᠠᠯ ᠤᠨ ᠠᠭᠤᠷ ᠤᠲᠤᠭ᠎ᠠ︾ ᠵᠡᠷᠭᠡ ᠣᠷᠣᠰᠢᠭᠰᠠᠨ ᠰᠣᠶᠣᠯ ᠴᠡᠩᠭᠡᠯ ᠤᠨ ᠣᠶᠢᠯᠠᠭᠠᠯᠲᠠ ᠶᠢ ᠣᠯᠭᠤᠬᠤ ᠶᠢᠨ ᠲᠥᠯᠥᠭᠡ ᠶᠤᠮ᠃      ᠲᠣᠰ ᠤᠳᠠᠭᠠᠨ ᠤ ᠠᠵᠢᠯᠯᠠᠭ᠎ᠠ ᠨᠢ 8 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ ᠦᠷᠭᠦᠯᠵᠢᠯᠡᠨ᠎ᠡ᠃      ᠬᠤᠲᠠ ᠶᠢᠨ ᠤᠳᠤᠷᠢᠳᠤᠯᠭ᠎ᠠ ᠶᠦᠨ ᠢᠦᠢ ᠮᠧᠶ᠂ ᠸᠠᠩ ᠰᠢᠨ ᠢᠦᠢ᠂ ᠪᠠᠭᠠᠲᠤᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ