ᠥᠷᠡᠭᠳᠡᠭᠰᠡᠨ ᠪᠠᠭᠠᠲᠤᠷ ᠵᠢᠷᠭᠠᠯ ᠤᠨ ᠬᠠᠭᠤᠴᠢᠨ ᠰᠠᠭᠤᠴᠠ— ᠤᠯᠤᠰ ᠤᠨ AAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ
ᠨᠡᠶᠢᠲᠡᠯᠡᠭᠰᠡᠨ ᠴᠠᠭ᠄
2023/7/28
      3801213fb80e7bece9198e81252eb9389a506b8b.jpg
      ᠦᠷᠡᠭᠳᠡᠭᠰᠡᠨ ᠪᠠᠭᠠᠲᠤᠷ ᠵᠢᠷᠭᠠᠯ ᠤᠨ ᠬᠠᠭᠤᠴᠢᠨ ᠰᠠᠭᠤᠴᠠ ᠨᠢ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠪᠠᠭᠰᠢ ᠲᠣᠰᠬᠤᠨ ᠳᠤ ᠪᠠᠶᠢᠷᠢᠯᠠᠵᠤ᠂ ᠵᠢᠷᠭᠠᠯ ᠤᠨ ᠬᠠᠭᠤᠴᠢᠨ ᠰᠠᠭᠤᠴᠠ᠂ ᠨᠢᠭᠡ ᠨᠠᠰᠤᠨ ᠤ ᠨᠠᠮᠳᠠᠷ ᠤᠨ ᠦᠵᠡᠭᠦᠯᠭᠡ᠂ ᠲᠦᠮᠡᠳ ᠤᠨ ᠬᠤᠪᠢᠰᠬᠠᠯ ᠤᠨ ᠲᠡᠦᠬᠡ ᠶᠢᠨ ᠦᠵᠡᠭᠦᠯᠭᠡ᠂ ᠳᠤᠷᠠᠰᠬᠠᠯ ᠤᠨ ᠬᠦᠷᠢᠶᠡᠯᠡᠩ᠂ ᠳᠤᠷᠠᠰᠬᠠᠯ ᠤᠨ ᠲᠠᠯᠠᠪᠠᠢ᠂ ᠲᠡᠷᠭᠡᠨ ᠵᠣᠭᠰᠣᠭᠠᠯ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠵᠦ᠂ 2013 ᠣᠨ ᠤ 5 ᠳ᠋ᠤᠭᠠᠷ ᠰᠠᠷ᠎ᠠ ᠶᠢᠨ 20 ᠤ ᠡᠳᠦᠷ ᠪᠠᠷᠢᠯᠭ᠎ᠠ ᠳᠠᠭᠤᠰᠴᠤ ᠡᠭᠦᠳᠡ ᠪᠠᠨ  ᠨᠡᠭᠡᠭᠡᠪᠡ᠂ ᠶᠡᠷᠦᠩᠬᠡᠢ ᠲᠠᠯᠠᠪᠠᠢ ᠨᠢ 53500 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ ᠨᠢᠭᠡ ᠨᠠᠰᠤᠨ ᠤ ᠨᠠᠮᠳᠠᠷ ᠤᠨ ᠦᠵᠡᠭᠦᠯᠭᠡ ᠨᠢ 1980 ᠲᠡᠭᠰᠢ ᠳᠥᠷᠪᠡᠯᠵᠢᠨ ᠮᠧᠲᠷ ᠲᠠᠯᠠᠪᠠᠢ ᠭᠠᠵᠠᠷ ᠡᠵᠡᠯᠡᠵᠦ᠂ ᠪᠠᠷᠢᠯᠭ᠎ᠠ  ᠶᠢᠨ ᠲᠠᠯᠠᠪᠠᠶ ᠨᠢ 680 ᠲᠡᠭᠰᠢ ᠳᠥᠷᠪᠡᠯᠵᠢᠨ ᠮᠧᠲᠷ︔ ᠬᠠᠭᠤᠴᠢᠨ ᠰᠠᠭᠤᠴᠠ ᠨᠢ 1000 ᠲᠡᠭᠰᠢ ᠳᠥᠷᠪᠡᠯᠵᠢᠨ ᠮᠧᠲᠷ ᠲᠠᠯᠠᠪᠠᠢ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 248 ᠲᠡᠭᠰᠢ ᠳᠥᠷᠪᠡᠯᠵᠢᠨ ᠮᠧᠲᠷ᠃      1986 ᠣᠨ ᠳᠤ᠂ ᠵᠢᠷᠭᠠᠯ ᠤᠨ ᠬᠠᠭᠤᠴᠢᠨ ᠰᠠᠭᠤᠴᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠪᠠᠷ ᠵᠦᠪᠰᠢᠶᠡᠷᠡᠪᠡ᠃ 2009 ᠣᠨ ᠳᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠳᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠪᠡ᠃2012 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠦᠪᠡ᠃ 2013 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠬᠠᠭᠤᠯᠬᠤ ᠬᠡᠯᠲᠡᠰ ᠠᠴᠠ ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠪᠡ᠃ 2016 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠰᠤᠳᠤᠯᠬᠤ ᠲᠠᠰᠤᠭ ᠠᠴᠠ ᠥᠪᠥᠷ ᠮᠣᠩᠭᠤᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠬᠥᠮᠦᠵᠢᠯ ᠶᠢᠨ ᠰᠠᠭᠤᠷᠢᠨ ᠭᠠᠵᠠᠷ ᠢᠶᠠᠷ ᠨᠡᠷᠡᠶᠢᠳᠦᠪᠡ᠃ ᠮᠦᠨ ᠲᠤᠰ ᠵᠢᠯ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠬᠡᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠬᠤᠳᠠ ᠶᠢᠨ ᠲᠡᠰ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠢᠶᠠᠷ ᠬᠠᠮᠲᠤᠷᠠᠨ ᠨᠡᠷᠡᠶᠢᠳᠦᠪᠡ᠃ 2017 ᠣᠨ ᠳᠤ᠂ ᠬᠥᠬᠡᠬᠤᠲᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠠᠴᠠ ᠬᠤᠳᠠ ᠶᠢᠨ ᠲᠡᠰ ᠤᠨ ᠪᠣᠯᠪᠠᠰᠤᠨ ᠨᠢᠭᠡᠴᠡ ᠪᠠᠷ ᠨᠡᠷᠡᠶᠢᠳᠦᠪᠡ᠃ 2018 ᠣᠨ ᠳᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠳᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠦᠪᠡ᠃ 2019 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠤᠯᠤᠰ ᠤᠨ AAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠪᠡ᠃       ᠦᠷᠡᠭᠳᠡᠭᠰᠡᠨ ᠪᠠᠭᠠᠲᠤᠷ ᠵᠢᠷᠭᠠᠯ ᠤᠨ ᠬᠠᠭᠤᠴᠢᠨ ᠰᠠᠭᠤᠴᠠ ᠪᠣᠯ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠲᠦᠮᠡᠳ ᠵᠡᠭᠦᠨ  ᠬᠤᠰᠢᠭᠤ ᠭᠤᠷᠪᠠᠨ ᠱᠠᠲᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠠ ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠤᠨ ᠴᠢᠬᠤᠯᠠ ᠴᠣᠩᠬᠤᠪᠴᠢ ᠂ ᠥᠷᠭᠡᠨ ᠤᠯᠠᠨ ᠠᠷᠠᠳ ᠲᠦᠮᠡᠨ᠂ ᠨᠠᠮ ᠤᠨ ᠭᠡᠰᠢᠭᠦᠨ ᠺᠠᠳ᠋ᠷᠴᠤᠳ ᠤᠨ ᠬᠤᠯᠪᠤᠭᠳᠠᠯ ᠪᠦᠬᠦᠢ ᠲᠡᠦᠬᠡ ᠶᠢᠨ ᠮᠡᠳᠡᠯᠭᠡ ᠶᠢ ᠰᠤᠷᠤᠯᠴᠠᠬᠤ᠂ ᠦᠵᠡᠯ ᠰᠠᠨᠠᠭᠠᠨ ᠤ ᠪᠣᠯᠪᠠᠰᠤᠷᠠᠯ ᠢᠶᠠᠨ ᠳᠡᠭᠡᠭᠰᠢᠯᠡᠭᠦᠯᠬᠦ ᠴᠢᠬᠤᠯᠠ ᠬᠢᠴᠢᠶᠡᠯ ᠤᠨ ᠲᠠᠩᠬᠢᠮ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠢᠬᠦ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠴᠢᠬᠤᠯᠠ ᠲᠠᠯᠠᠪᠤᠷ ᠪᠣᠯᠣᠨ᠎ᠠ᠃   
491f0ea5514eeee5234329e4fad4a2db.jpeg
00300468019_0f95fb1c.jpg
      ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ                ᠵᠢᠷᠤᠭ ᠢ ᠰᠦᠯᠵᠢᠶ᠎ᠡ ᠠᠴᠠ ᠪᠠᠭᠤᠯᠭᠠᠪᠠ 
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ