ᠨᠢᠭᠡ᠂ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ | ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︵ᠳᠣᠷᠣᠭᠰᠢ ︽ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠢ | ᠲᠣᠭᠲᠠᠭᠠᠭᠰᠠᠨ ᠠᠬᠤᠢ ᠪᠠᠶᠢᠳᠠᠯ ᠵᠢᠴᠢ ᠠᠴᠢ ᠬᠤᠯᠪᠣᠭᠳᠠᠯ | ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ ᠪᠦᠭᠡᠳ ᠲᠦᠷᠭᠡᠨ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 46 ᠳ᠋ᠤᠭᠠᠷ ᠲᠣᠭᠠᠲᠤ︶᠂ ︽ᠳᠤᠮᠳᠠᠳᠤ | ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ ﹇2018﹈ 53 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠥᠬᠡᠬᠤᠲᠠ ᠶᠢᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ 2019 ᠣᠨ ᠤ 10 ᠳ᠋ᠤᠭᠠᠷ ᠰᠠᠷ᠎ᠠ ᠳᠤ ᠬᠤᠲᠠ ᠶᠢᠨ | ᠵᠠᠰᠠᠭ ᠤᠨ ᠣᠷᠳᠣᠨ ᠪᠣᠯᠣᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ︽ᠳᠤᠮᠳᠠᠳᠤ ᠤᠯᠤᠰ ︵ᠬᠥᠬᠡᠬᠤᠲᠠ︶ ᠤᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ | ᠪᠣᠳᠣᠯᠭ᠎ᠠ ᠨᠤᠭᠤᠳ︾ ᠢ ᠳᠠᠷᠤᠮᠠᠯᠯᠠᠨ ᠲᠠᠷᠬᠠᠭᠠᠵᠤ᠂ ᠲᠣᠰ ᠪᠢᠴᠢᠭ ᠮᠠᠲ᠋ᠧᠷᠢᠶᠠᠯ ᠢ 2022 ᠣᠨ ᠤ ᠡᠴᠦᠰ ᠲᠤ ᠬᠦᠴᠦᠨ ᠦᠭᠡᠢ ᠪᠣᠯᠭᠠᠪᠠ᠃ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠵᠢᠯᠯᠠᠭᠠᠨ ᠤ ᠲᠥᠯᠥᠪᠯᠡᠭᠡ ︵2022 ︱ | 2025 ᠣᠨ︶︾ ︵ᠥᠪᠥᠷ ᠠᠷᠠᠯᠵᠢᠶ᠎ᠠ ᠬᠤᠳᠠᠯᠳᠤᠭ᠎ᠠ ᠥᠰᠥᠭ ﹇2022﹈ 336 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠪᠠ ᠪᠥᠬᠦ | ᠤᠯᠤᠰ ᠤᠨ ᠡᠯ᠎ᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠤᠯᠪᠤᠭᠳᠠᠯ ᠪᠦᠬᠦᠢ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠭᠦᠢᠴᠡᠳ ᠪᠣᠳᠣᠯᠬᠢᠯᠠᠵᠤ᠂ ︽ᠲᠥᠷᠥ ᠶᠢᠨ ᠪᠣᠳᠣᠯᠭ᠎ᠠ︾ ᠶᠢ ᠲᠣᠭᠲᠠᠭᠠᠪᠠ᠃ | ᠬᠤᠶᠠᠷ᠂ ᠰᠢᠨ᠎ᠡ ᠬᠠᠭᠤᠴᠢᠨ ︽ᠲᠦᠷᠦ ᠶᠢᠨ ᠪᠣᠳᠣᠯᠭ᠎ᠠ︾ ᠶᠢᠨ ᠬᠠᠷᠢᠴᠠᠭᠤᠯᠤᠯ | ᠨᠢᠭᠡ ᠳᠤ᠂ ᠳᠡᠮᠵᠢᠬᠦ ᠭᠤᠣᠯ ᠴᠣᠭᠴᠠ ᠶᠢᠨ ᠲᠠᠯ᠎ᠠ ᠪᠠᠷ᠂ ᠳᠦᠷᠦ ᠶᠢᠨ ᠪᠣᠳᠣᠯᠭ᠎ᠠ ᠶᠢᠨ ᠠᠵᠤ ᠠᠬᠤᠶᠢᠯᠠᠯ ᠢ ᠪᠦᠷᠬᠦᠬᠦ ᠨᠢᠭᠡᠳᠦᠯᠲᠡᠢ ᠴᠢᠨᠠᠷ ᠢ | ᠭᠦᠢᠴᠡᠳ ᠪᠣᠳᠣᠯᠬᠢᠯᠠᠵᠤ᠂ ᠳᠦᠷᠦ ᠶᠢᠨ ᠪᠣᠳᠣᠯᠭ᠎ᠠ ᠪᠠᠷ ᠳᠡᠮᠵᠢᠬᠦ ᠭᠤᠣᠯ ᠷᠴᠣᠭᠴᠠ ᠶᠢ ᠬᠤᠳᠠ ᠶᠢᠨ ᠵᠠᠰᠠᠭ ᠤᠨ ᠣᠷᠳᠣᠨ ᠪᠣᠯᠣᠨ ᠬᠤᠷᠢᠨᠭᠡᠷ ᠰᠢᠨ᠎ᠡ | ᠲᠣᠭᠤᠷᠢᠭ ᠠᠴᠠ ᠬᠤᠳᠠ ᠶᠢᠨ ᠵᠠᠰᠠᠭ ᠤᠨ ᠣᠳᠣᠨ ᠠᠴᠠ ᠨᠢᠭᠡᠳᠦᠯᠲᠡᠢ ᠳᠡᠮᠵᠢᠬᠦ ᠪᠣᠯᠭᠠᠨ ᠲᠣᠬᠢᠷᠠᠭᠤᠯᠵᠤ᠂ ᠳᠠᠩ ᠭᠠᠭᠴᠠ ᠠᠵᠤ ᠠᠬᠤᠶᠢᠯᠠᠯ ᠤᠯᠠᠨ | ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠠᠨᠳᠤᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠵᠦ᠂ ᠠᠵᠤ ᠠᠬᠤᠶᠢᠯᠠᠯ ᠤᠨ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ | ᠬᠤᠶᠠᠷ ᠲᠤ᠂ ᠲᠤᠬᠠᠶᠢᠯᠠᠭᠰᠠᠨ ᠠᠵᠢᠯ ᠤᠨ ᠵᠠᠭᠪᠤᠷ ᠤᠨ ᠲᠠᠯ᠎ᠠ ᠪᠠᠷ᠂ ᠤᠤᠯ ᠤᠨ ᠲᠥᠷᠥ ᠶᠢᠨ ᠪᠣᠳᠣᠯᠭ᠎ᠠ ᠲᠤ ᠪᠣᠳᠠᠲᠠᠢ ᠲᠤᠬᠠᠶᠢᠯᠠᠭᠰᠠᠨ ᠠᠵᠢᠯ ᠤᠨ | ᠬᠡᠪ ᠵᠠᠭᠪᠤᠷ ᠬᠤᠪᠢᠶᠠᠵᠤ ᠪᠠᠶᠢᠭᠰᠠᠨ ᠦᠭᠡᠢ ᠶᠢ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠ ᠬᠠᠷᠢᠶ᠎ᠠ ᠭᠠᠵᠠᠷ ᠲᠤ ᠦᠵᠡᠭᠦᠯᠦᠭᠰᠡᠨ ᠦᠨᠡᠨ ᠪᠣᠳᠠᠳᠠᠢ ᠬᠤᠪᠢ | ᠨᠡᠮᠡᠷᠢ ᠪᠠᠷ ᠳᠡᠮᠵᠢᠯᠭᠡ ᠶᠢᠨ ᠪᠠᠷᠢᠮᠵᠢᠶ᠎ᠠ ᠬᠤᠪᠢᠶᠠᠵᠤ᠂ ︽ᠡᠯᠧᠺᠲᠷᠣᠨ ᠬᠤᠳᠠᠯᠳᠤᠭᠠᠨ ᠤ ᠶᠠᠪᠤᠳᠠᠯ︾ ︵9610︶ ᠪᠠ ︽ᠭᠠᠶᠢᠯᠢ ᠪᠠᠲᠤᠯᠠᠬᠤ ᠡᠯᠧᠺᠲᠷᠣᠨ | ᠬᠤᠳᠠᠯᠳᠤᠭ᠎ᠠ︾ ︵1210︶ ᠵᠡᠷᠭᠡ ᠭᠤᠣᠯᠳᠠᠭᠤ ᠬᠤᠪᠢ ᠬᠥᠮᠥᠨ ᠤ ᠬᠡᠷᠡᠭᠯᠡᠭᠴᠢ ᠳᠤ ᠬᠠᠨᠳᠤᠭᠤᠯᠤᠭᠰᠠᠨ ᠲᠤᠬᠠᠶᠢᠯᠠᠭᠰᠠᠨ ᠠᠵᠢᠯ ᠤᠨ ᠵᠠᠭᠪᠤᠷ ᠲᠤ | ᠴᠢᠭᠯᠡᠭᠦᠯᠦᠨ᠂ ᠳᠡᠮᠵᠢᠬᠦ ᠬᠡᠪᠴᠢᠶ᠎ᠡ ᠶᠢ ᠵᠣᠬᠢᠰᠲᠠᠢ ᠳᠡᠭᠡᠭᠰᠢᠯᠡᠭᠦᠯᠵᠦ᠂ ᠰᠢᠤᠳᠠᠨ ᠲᠦᠷᠭᠡᠨ ᠬᠦᠷᠭᠡᠯᠲᠡ ᠶᠢᠨ ᠲᠥᠷᠥᠯ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠪᠠᠭᠲᠠᠭᠠᠮᠵᠢ ᠶᠢ ᠠᠬᠢᠭᠤᠯᠤᠨ ᠳᠡᠭᠡᠭᠰᠢᠯᠡᠭᠦᠯᠵᠦ᠂ ᠢᠯᠠᠩᠭᠤᠶ᠎ᠠ ᠮᠠᠨ ᠤ ᠬᠤᠲᠠ ᠶᠢᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠬᠤ ᠳᠠᠪᠠᠭᠤᠯᠢᠭ ᠢ ᠪᠠᠳᠠᠷᠠᠭᠤᠯᠵᠤ᠂ ᠬᠢᠯᠢ ᠶᠢᠨ ᠭᠠᠳᠠᠨ᠎ᠠ ᠦᠢᠯᠡᠳᠪᠦᠷᠢᠯᠡᠭᠰᠡᠨ | ᠡᠯᠧᠺᠲᠷᠣᠨ ᠬᠤᠳᠠᠯᠳᠤᠭᠠᠨ ᠤ ᠦᠢᠯᠡᠳᠬᠦᠨ ᠢ ᠳᠥᠭᠦᠮ ᠳᠥᠲᠡ ᠲᠦᠷᠭᠡᠨ ᠬᠤᠳᠠᠯᠳᠤᠨ ᠠᠪᠴᠤ ᠲᠡᠶᠢᠯᠬᠦ ᠪᠣᠯᠭᠠᠨ᠎ᠠ᠃ ᠡᠭᠦᠨ ᠤ ᠬᠠᠮᠲᠤ᠂ ︽ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠶᠢ ᠰᠢᠭᠤᠳ ᠭᠠᠳᠠᠭᠠᠳᠤ ᠳᠤ ᠭᠠᠷᠭᠠᠬᠤ︾ ︵9710︶ ᠪᠠ ︽ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠭᠠᠳᠠᠭᠠᠳᠤ ᠳᠠᠬᠢ ᠬᠥᠮᠥᠷᠭᠡ︾ ︵9810︶ ᠶᠢᠨ ᠲᠤᠬᠠᠶᠢᠯᠠᠭᠰᠠᠨ ᠠᠵᠢᠯ ᠤᠨ ᠵᠠᠭᠪᠤᠷ ᠲᠤ ᠴᠢᠭᠯᠡᠭᠦᠯᠦᠨ᠂ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ | ᠨᠢ ᠣᠲᠣ ᠪᠠᠶᠢᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠥᠬᠦ ᠲᠤᠬᠠᠶᠢᠯᠠᠭᠰᠠᠨ ᠠᠵᠢᠯ ᠤᠨ ᠵᠠᠭᠪᠤᠷ ᠢ ᠬᠠᠮᠤᠷᠪᠠ᠃ | ᠭᠤᠷᠪᠠ ᠳᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠲᠠᠯ᠎ᠠ ᠪᠠᠷ᠂ ᠭᠤᠣᠯᠳᠠᠭᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ᠂ ᠭᠤᠷᠪᠠᠳᠠᠭᠢ ᠡᠲᠡᠭᠡᠳ ᠤᠨ ᠲᠠᠪᠴᠠᠩ᠂ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ᠂ | ᠭᠠᠳᠠᠭᠠᠳᠤ ᠳᠠᠬᠢ ᠬᠥᠮᠥᠷᠭᠡ ᠪᠠ ᠰᠦᠯᠵᠢᠶᠡᠨ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ | ᠴᠢᠭᠯᠡᠭᠦᠯᠦᠨ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠴᠤᠭᠯᠠᠷᠠᠯ ᠢ | ᠠᠬᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠢᠯᠠᠩᠭᠤᠶ᠎ᠠ ᠰᠦᠯᠵᠢᠶᠡᠨ ᠠᠴᠠ | ᠭᠠᠳᠠᠭᠤᠷ ᠳᠡᠯᠭᠡᠨ ᠦᠵᠡᠭᠦᠯᠬᠦ᠂ ᠰᠦᠯᠵᠢᠶᠡᠨ ᠠᠴᠠ ᠳᠣᠷᠣᠭᠰᠢ ᠵᠠᠬᠢᠶᠠᠯᠠᠬᠤ ᠲᠤᠷᠰᠢᠯᠲᠠ ᠶᠢᠨ ᠳᠡᠯᠭᠡᠭᠦᠷ ᠲᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ | ᠪᠣᠳᠠᠲᠤ ᠶᠠᠭᠤᠮ᠎ᠠ ᠶᠢᠨ ᠲᠠᠸᠠᠷ ᠤᠨ ᠲᠥᠷᠥᠯ ᠵᠦᠢᠯ ᠡᠯᠪᠡᠭ ᠪᠠᠶᠠᠯᠢᠭ᠂ ᠬᠤᠳᠠᠯᠳᠤᠨ ᠠᠪᠬᠤ ᠠᠷᠭ᠎ᠠ ᠮᠠᠶ᠋ᠢᠭ ᠳᠥᠭᠦᠮ ᠳᠥᠲᠡ᠂ ᠲᠠᠸᠠᠷ ᠢ ᠲᠦᠷᠭᠡᠨ | ᠬᠦᠷᠭᠡᠬᠦ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠬᠤ ᠶᠢ ᠠᠬᠢᠭᠤᠯᠵᠤ᠂ ᠬᠤᠳᠠᠯᠳᠤᠨ ᠠᠪᠬᠤ ᠠᠷᠭ᠎ᠠ ᠵᠠᠮ ᠢ ᠤᠯᠠᠮ ᠨᠢᠭᠡ ᠠᠯᠬᠤᠮ | ᠪᠠᠶᠠᠯᠢᠭᠵᠢᠭᠤᠯᠤᠨ᠂ ︽ᠪᠣᠳᠠᠲᠤ ᠶᠠᠭᠤᠮ᠎ᠠ ᠶᠢᠨ ᠪᠡᠶᠡᠴᠢᠯᠡᠨ ᠣᠶᠢᠯᠠᠭᠠᠬᠤ + ᠰᠦᠯᠵᠢᠶᠡᠨ ᠳᠡᠭᠡᠷ᠎ᠡ ᠵᠠᠬᠢᠶᠠᠯᠠᠬᠤ + ᠰᠦᠯᠵᠢᠶᠡᠨ ᠭᠠᠳᠠᠨ᠎ᠠ ᠪᠠᠷᠠᠭ᠎ᠠ ᠣᠯᠬᠤ︾ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠮᠡᠳᠡᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠬᠤᠪᠢ ᠬᠥᠮᠥᠨ ᠳᠤ ᠠᠰᠢᠭ ᠬᠦᠷᠲᠡᠭᠡᠬᠦ ᠭᠠᠳᠠᠭᠠᠳᠤ ᠠᠴᠠ ᠣᠷᠣᠭᠤᠯᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ | ᠬᠠᠷᠠᠭᠠᠯᠵᠠᠯ ᠢ ᠭᠦᠢᠴᠡᠳ ᠬᠦᠷᠲᠡᠭᠡᠵᠦ᠂ ᠣᠷᠣᠨ ᠤ ᠲᠥᠪ ᠤᠨ ᠵᠢᠵᠢᠭᠯᠡᠨ ᠬᠤᠳᠠᠯᠳᠤᠬᠤ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠤᠯᠠᠮ ᠨᠢᠭᠡ | ᠠᠯᠬᠤᠮ ᠪᠠᠶᠠᠯᠢᠭᠵᠢᠭᠤᠯᠤᠨ᠎ᠠ᠃ | ᠳᠥᠷᠪᠡ ᠳᠤ᠂ ᠪᠤᠰᠤᠳ ᠲᠠᠯ᠎ᠠ ᠪᠠᠷ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠳᠤ ᠴᠢᠭᠯᠡᠭᠦᠯᠦᠨ᠂ | ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠪᠠ ᠭᠠᠶᠢᠯᠢ ᠪᠠᠲᠤᠯᠠᠬᠤ ᠬᠥᠮᠥᠷᠭᠡᠯᠡᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ︔ ᠣᠷᠣᠨ ᠤ | ᠲᠥᠪ ᠲᠤ ᠶᠡᠭᠡ ᠳᠡᠭᠡᠳᠦ ᠰᠤᠷᠭᠠᠭᠤᠯᠢ ᠶᠢᠨ ᠲᠥᠪᠯᠡᠷᠡᠭᠰᠡᠨ ᠳᠠᠪᠠᠭᠤᠯᠢᠭ ᠢ ᠠᠰᠢᠭᠯᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠴᠢᠳᠠᠪᠤᠷᠢᠲᠠᠨ ᠢ ᠬᠥᠮᠥᠵᠢᠭᠦᠯᠬᠦ ᠳᠤ ᠵᠣᠬᠢᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠭᠤᠷᠪᠠ᠂ ︽ᠲᠦᠷᠦ ᠶᠢᠨ ᠪᠣᠳᠣᠯᠭ᠎ᠠ︾ ᠶᠢᠨ ᠭᠤᠣᠯ ᠠᠭᠤᠯᠭ᠎ᠠ | ︽ᠲᠦᠷᠦ ᠶᠢᠨ ᠪᠣᠳᠣᠯᠭ᠎ᠠ︾ ᠶᠢ ᠨᠡᠶᠢᠳᠡ ᠠᠷᠪᠠᠨ ᠨᠢᠭᠡᠨ ᠵᠦᠢᠯ ᠬᠤᠪᠢᠶᠠᠨ᠎ᠠ᠂ ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡᠳᠦᠭᠡᠷ ᠵᠦᠢᠯ ᠠᠴᠠ ᠬᠤᠶᠠᠳᠤᠭᠠᠷ ᠵᠦᠢᠯ ᠳᠤ᠂ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠭᠤᠣᠯ ᠥᠨᠳᠦᠰᠦᠯᠡᠯ᠂ ᠲᠣᠬᠢᠷᠠᠬᠤ ᠡᠲᠡᠭᠡᠳ ᠲᠤ | ᠲᠣᠳᠣᠷᠬᠠᠶᠢᠯᠠᠯᠲᠠ ᠬᠢᠪᠡ᠃ | ᠭᠤᠷᠪᠠᠳᠤᠭᠠᠷ ᠵᠦᠢᠯ ᠳᠤ᠂ ᠪᠡᠯᠡ ᠮᠥᠩᠭᠦ ᠪᠠᠷ ᠳᠡᠮᠵᠢᠬᠦ ᠡᠲᠡᠭᠡᠳ ᠪᠠ ᠪᠠᠷᠢᠮᠵᠢᠶ᠎ᠠ ᠶᠢ ᠲᠣᠳᠣᠷᠬᠠᠶᠢᠯᠠᠪᠠ᠃ ᠠᠷᠠᠯᠵᠢᠶ᠎ᠠ ᠶᠢᠨ ᠲᠤᠭ᠎ᠠ ᠶᠢ ᠦᠨᠳᠦᠰᠦᠯᠡᠨ | ᠂ ᠠᠳᠠᠯᠢ ᠪᠤᠰᠤ ᠪᠠᠷᠢᠮᠵᠢᠶ᠎ᠠ ᠪᠠᠷ ︽1210᠂ 9610︾ ᠵᠠᠭᠪᠤᠷ᠂ ︽9710᠂ 9810︾ ᠵᠠᠭᠪᠤᠷ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ 020 ᠰᠦᠯᠵᠢᠶᠡᠨ ᠠᠴᠠ ᠭᠠᠳᠠᠭᠤᠷᠬᠢ | ᠪᠡᠶᠡᠴᠢᠯᠡᠨ ᠣᠶᠢᠯᠠᠭᠠᠬᠤ ᠳᠡᠯᠭᠡᠭᠦᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ ᠪᠠᠲᠤᠯᠠᠬᠤ ᠬᠥᠮᠥᠷᠭᠡᠯᠡᠯᠲᠡ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡᠯᠡᠯᠲᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠥᠷᠨᠢᠭᠦᠯᠬᠦ᠂ ᠭᠤᠷᠪᠠᠳᠠᠭᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ | ᠦᠢᠯᠡᠳᠦᠯ ᠢ ᠪᠠᠳᠠᠷᠠᠭᠤᠯᠬᠤ ᠵᠢᠴᠢ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠷᠤᠳᠠᠯ ᠵᠡᠷᠭᠡ ᠲᠠᠯ᠎ᠠ ᠳᠤ ᠳᠡᠮᠵᠢᠯᠭᠡ ᠦᠵᠡᠭᠦᠯᠦᠨ᠎ᠡ᠃ ᠡᠭᠦᠨ ᠤ ᠬᠠᠮᠲᠤ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠥᠷᠥᠯ ᠵᠦᠢᠯ ︵ | ᠭᠤᠣᠯ ᠴᠣᠭᠴᠠ︶ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ | ᠳᠥᠷᠪᠡᠳᠦᠭᠡᠷ ᠵᠦᠢᠯ ᠠᠴᠠ ᠵᠢᠷᠭᠤᠳᠤᠭᠠᠷ ᠵᠦᠢᠯ ᠳᠤ᠂ ᠭᠤᠶᠤᠴᠢᠯᠠᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠨᠢᠭᠡᠴᠡ᠂ | ᠭᠤᠶᠤᠴᠢᠯᠠᠬᠤ ᠮᠠᠲ᠋ᠧᠷᠢᠶᠠᠯ᠂ ᠲᠥᠷᠥᠯ ᠵᠦᠢᠯ ᠢ ᠬᠢᠨᠠᠨ ᠲᠣᠭᠲᠠᠭᠠᠬᠤ᠂ ᠲᠥᠷᠥᠯ ᠵᠦᠢᠯ ᠢ ᠢᠯᠡ ᠨᠡᠶᠢᠲᠡᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠳᠣᠯᠣᠳᠤᠭᠠᠷ ᠵᠦᠢᠯ ᠠᠴᠠ ᠶᠢᠰᠦᠳᠦᠭᠡᠷ ᠵᠦᠢᠯ ᠳᠤ᠂ ᠪᠡᠯᠡ ᠮᠥᠩᠭᠦ ᠰᠢᠯᠵᠢᠭᠦᠯᠦᠨ ᠥᠭᠬᠦ ᠨᠢᠭᠡᠴᠡ᠂ ᠰᠢᠯᠵᠢᠭᠦᠯᠦᠨ ᠥᠭᠬᠦ ᠴᠠᠭ ᠤᠨ ᠬᠢᠵᠠᠭᠠᠷ ᠢ | ᠲᠣᠳᠣᠷᠬᠠᠶᠢᠯᠠᠬᠤ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠲᠤᠬᠠᠢ ᠲᠣᠭᠲᠠᠭᠠᠯ ᠭᠠᠷᠭᠠᠵᠠᠢ᠃ | ᠠᠷᠪᠠᠳᠤᠭᠠᠷ ᠵᠦᠢᠯ ᠠᠴᠠ ᠠᠷᠪᠠᠨ ᠨᠢᠭᠡᠳᠦᠭᠡᠷ ᠵᠦᠢᠯ ᠳᠤ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ ᠡᠷᠬᠡ᠂ ᠬᠡᠷᠡᠭᠵᠢᠭᠦᠯᠬᠦ ᠬᠤᠭᠤᠴᠠᠭ᠎ᠠ ᠶᠢ | ᠲᠣᠳᠣᠷᠬᠠᠶᠢᠯᠠᠪᠠ᠃ | |