ᠮᠠᠨ ᠤ ᠬᠤᠲᠠ ᠲᠠᠷᠢᠶᠠᠨ ᠭᠠᠵᠠᠷ ᠢ ᠨᠥᠬᠦᠪᠥᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/7/31
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠠᠨ᠎ᠠ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ 1 ᠲᠦᠮᠡᠨ ᠮᠤ᠋ ᠶᠢᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠲᠠᠢ ᠪᠠᠶᠢᠵᠤ᠂ ᠤᠳᠤᠬᠠᠨ ᠪᠣᠯᠲᠠᠯ᠎ᠠ 6691 ᠮᠦ ᠶᠢᠨ ᠲᠥᠷᠥᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠰᠢᠨ᠎ᠡ ᠪᠠᠷ ᠨᠡᠮᠡᠭᠳᠡᠭᠦᠯᠬᠦ ᠲᠠᠷᠢᠶᠠᠨ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ 8 ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠠᠪᠬᠤ ᠶᠢ ᠪᠡᠶᠡᠯᠡᠭᠦᠯᠬᠦ ᠪᠠᠷ ᠪᠠᠶᠢᠨ᠎ᠠ᠃      ᠡᠨᠡ ᠵᠢᠯ ᠠᠴᠠ ᠨᠠᠭᠠᠰᠢ᠂ ᠮᠠᠨ ᠤ ᠬᠤᠲᠠ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠬᠡᠷᠡᠭᠯᠡᠬᠦ  ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ ᠶᠢ ᠮᠡᠳᠡᠭᠦᠯᠦᠨ ᠵᠥᠪᠰᠢᠶᠡᠷᠡᠭᠦᠯᠬᠦ ᠶᠢ ᠭᠦᠢᠴᠡᠳᠬᠡᠬᠦ ᠳᠡᠭᠡᠨ᠂ ︽ᠨᠢᠭᠡ ᠶᠢ ᠡᠵᠡᠯᠡᠪᠡᠯ ᠨᠢᠭᠡ ᠶᠢ ᠨᠥᠬᠦᠪᠦᠷᠢᠯᠡᠬᠦ︾ ᠪᠠ ︽ᠰᠢᠯᠢᠳᠡᠭ ᠢ ᠡᠵᠡᠯᠡᠪᠡᠯ ᠰᠢᠯᠢᠳᠡᠭ ᠢ ᠨᠥᠬᠦᠪᠦᠷᠢᠯᠡᠬᠦ︾ ᠵᠠᠷᠴᠢᠮ ᠢ ᠴᠢᠩᠭ᠎ᠠ ᠵᠢᠷᠤᠮᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠᠷ ᠭᠤᠶᠤᠴᠢᠯᠠᠬᠤ ᠪᠠ ᠭᠠᠵᠠᠷ ᠰᠢᠷᠣᠢ ᠲᠠᠲᠠᠪᠤᠷᠢᠯᠠᠬᠤ ᠶᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠡᠷᠬᠡᠪᠰᠢ ᠲᠠᠷᠢᠶᠠᠨ ᠭᠠᠵᠠᠷ ᠢ ᠨᠥᠬᠦᠪᠥᠷᠢᠯᠡᠬᠦ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠡᠮᠵᠢᠶ᠎ᠡ᠂ ᠤᠰᠤᠯᠠᠯᠲᠠ ᠶᠢᠨ ᠲᠠᠷᠢᠶᠠᠨ ᠭᠠᠵᠠᠷ ᠤᠨ ᠬᠡᠪᠴᠢᠶ᠎ᠡ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠠᠰᠤᠬᠳᠠᠬᠤ ᠦᠭᠡᠢ ᠪᠠᠶᠢᠬᠤ ᠶᠢ ᠪᠠᠲᠤᠯᠠᠨ᠂ ᠲᠠᠷᠢᠶᠠᠨ ᠭᠠᠵᠠᠷ ᠤᠨ ᠪᠡᠯᠡᠳᠭᠡᠯ ᠡᠬᠢ ᠪᠠᠶᠠᠯᠢᠭ ᠤᠨ ᠪᠠᠶᠢᠳᠠᠯ ᠲᠠᠢ ᠤᠶᠠᠯᠳᠤᠭᠤᠯᠤᠨ ᠰᠢᠨ᠎ᠡ ᠪᠠᠷ ᠨᠡᠮᠡᠭᠳᠡᠬᠦᠯᠬᠦ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠬᠦ ᠲᠠᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠡᠷᠲᠡᠬᠡᠨ  ᠲᠦᠯᠦᠪᠵᠢᠭᠦᠯᠦᠨ᠂  ᠨᠠᠶᠢᠳᠠᠪᠤᠷᠢᠵᠢᠭᠤᠯᠤᠯᠲᠠ ᠶᠢ ᠱᠠᠯᠠᠪᠳᠠᠨ ᠠᠳᠬᠤᠵᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠪᠠ᠃ ︽ᠬᠡᠨ ᠬᠡᠷᠡᠭᠯᠡᠪᠡᠯ ᠬᠡᠨ ᠬᠠᠮᠢᠶᠠᠷᠤᠨ ᠬᠠᠮᠠᠭᠠᠯᠠᠬᠤ᠂ ᠬᠡᠨ ᠠᠰᠢᠭ ᠬᠦᠷᠲᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠪᠠ᠃ ᠡᠭᠦᠨ ᠤ ᠬᠠᠮᠲᠤ᠂ ᠲᠠᠷᠢᠶᠠᠨ ᠭᠠᠵᠠᠷ ᠨᠥᠭᠡᠴᠡᠯᠡᠬᠦ ᠬᠥᠮᠥᠷᠭᠡ ᠶᠢᠨ ᠡᠳᠦᠷ ᠲᠤᠲᠤᠮ ᠤᠨ ᠬᠢᠨᠠᠨ ᠪᠠᠶᠢᠴᠠᠭᠠᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠵᠢᠯ ᠢ ᠴᠢᠨᠠᠭᠰᠢᠳᠠ ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠬᠦ ᠲᠠᠷᠢᠶᠠᠨ ᠭᠠᠵᠠᠷ ᠤᠨ ᠪᠠᠶᠢᠷᠢ ᠪᠠ ᠲᠠᠯᠠᠪᠠᠢ ᠨᠢ ᠵᠥᠪ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠨᠥᠬᠦᠪᠥᠷᠢᠯᠡᠬᠦ ᠲᠠᠷᠢᠶᠠᠨ ᠭᠠᠵᠠᠷ ᠤᠨ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠨ ᠴᠢᠩᠭ᠎ᠠ ᠠᠳᠬᠤᠵᠤ ᠪᠠᠶᠢᠨ᠎ᠠ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2023 ᠣᠨ ᠤ ᠲᠠᠷᠢᠶᠠᠨ ᠭᠠᠵᠠᠷ ᠢ ᠨᠥᠬᠦᠪᠦᠷᠢᠯᠡᠬᠦ ᠡᠭᠦᠷᠭᠡ ᠳᠤ ᠲᠦᠮᠡᠳ ᠵᠡᠭᠦᠨ ᠬᠤᠰᠢᠭᠤ 3241.7 ᠮᠥ᠂ ᠦᠴᠦᠸᠠᠨ ᠰᠢᠶᠠᠨ 2957.082 ᠮᠦ᠂ ᠲᠤᠬᠲᠠᠬᠤ ᠰᠢᠶᠠᠨ 2000 ᠮᠦ᠂ ᠬᠤᠷᠢᠨᠭᠡᠷ ᠰᠢᠶᠠᠨ 600 ᠮᠦ᠂ ᠴᠢᠩ ᠱᠦᠶ ᠾᠧ ᠰᠢᠶᠠᠨ 1000 ᠮᠥ᠂ ᠰᠢᠨ᠎ᠡ ᠬᠤᠲᠠ ᠲᠣᠭᠤᠷᠢᠭ 600 ᠮᠦ᠂ ᠰᠠᠶᠢᠬᠠᠨ ᠲᠣᠭᠤᠷᠢᠭ 100 ᠮᠦ᠂ ᠬᠤᠲᠣᠩ ᠠᠷᠠᠳ ᠤᠨ ᠲᠣᠭᠤᠷᠢᠭ 100 ᠮᠦ᠂ ᠢᠦᠢ ᠴᠢᠦᠸᠠᠨ ᠲᠣᠭᠤᠷᠢᠭ 100 ᠮᠦ ᠪᠤᠢ᠃ ᠡᠯ᠎ᠡ ᠭᠠᠵᠠᠷ ᠤᠨ ᠬᠢᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠣᠰᠣᠭᠠᠷ ᠨᠠᠷᠢᠨ ᠨᠢᠮᠪᠠᠶ ᠪᠠᠶᠢᠷᠢᠯᠠᠭᠤᠯᠤᠨ᠂ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ