ᠰᠢᠨᠵᠢᠯᠡᠬᠦ ᠤᠬᠠᠭᠠᠨ ᠬᠦᠰᠡᠯ ᠮᠥᠷᠥᠭᠡᠳᠦᠯ ᠢ ᠠᠰᠠᠭᠠᠵᠤ ᠰᠢᠨ᠎ᠡ ᠡᠭᠦᠳᠦᠯᠲᠡ ᠢᠷᠡᠭᠡᠳᠦᠢ ᠳᠤ ᠬᠥᠲᠥᠯᠥᠨ᠎ᠡ
ᠨᠡᠶᠢᠲᠡᠯᠡᠭᠰᠡᠨ ᠴᠠᠭ᠄
2023/7/31
20230731.jpg
      7 ᠳ᠋ᠤᠭᠠᠷ ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠳᠤ ᠡᠬᠢᠯᠡᠪᠡ᠃      ᠲᠤᠰ ᠤᠳᠠᠭ᠎ᠠ ᠶᠢᠨ ᠤᠷᠤᠯᠳᠤᠭᠠᠨ ᠨᠢ ︽ᠰᠢᠨᠵᠢᠯᠡᠬᠦ ᠤᠬᠠᠭᠠᠨ ᠬᠦᠰᠡᠯ ᠮᠥᠷᠥᠭᠡᠳᠦᠯ ᠢ ᠠᠰᠠᠭᠠᠵᠤ ᠰᠢᠨ᠎ᠡ ᠡᠭᠦᠳᠦᠯᠲᠡ ᠢᠷᠡᠭᠡᠳᠦᠢ ᠳᠤ ᠬᠥᠲᠥᠯᠥᠨ᠎ᠡ︾ ᠪᠠᠷ ᠭᠤᠣᠯ ᠰᠡᠳᠦᠪ ᠪᠣᠯᠭᠠᠵᠤ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠡᠪᠯᠡᠯ ᠤᠨ ᠬᠤᠷᠢᠶ᠎ᠠ᠂ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠠᠴᠠ ᠬᠠᠮᠲᠤᠪᠠᠷ ᠭᠤᠣᠯᠯᠠᠨ ᠡᠷᠬᠢᠯᠡᠵᠦ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠬᠤᠳᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠂ ᠬᠤᠳᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ ᠬᠠᠮᠲᠤᠪᠠᠷ ᠳᠠᠭᠠᠭᠠᠴᠢᠯᠠᠨ ᠡᠷᠬᠢᠯᠡᠵᠦ᠂ ᠮᠠᠨ ᠤ ᠬᠤᠳᠠ ᠶᠢᠨ 9 ᠬᠤᠰᠢᠭᠤ ᠰᠢᠶᠠᠨ ᠲᠣᠭᠤᠷᠢᠭ ᠤᠨ 61 ᠰᠤᠷᠭᠠᠭᠤᠯᠢ ᠪᠠᠶᠢᠭᠤᠯᠤᠮᠵᠢ ᠶᠢᠨ ᠣᠷᠤᠯᠴᠠᠭᠴᠢ᠂ ᠪᠠᠭᠰᠢ ᠪᠣᠯᠣᠨ ᠰᠤᠷᠤᠭᠴᠢ ᠨᠡᠶᠢᠳᠡ 1900 ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃ ᠰᠤᠷᠪᠤᠯᠵᠢᠯᠠᠭᠴᠢ ᠯᠢᠦᠢ ᠬᠤᠢ ᠱᠧᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ