| | | ᠣᠶᠢᠷ᠎ᠠ ᠳᠤ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ | ᠪᠠᠭᠠᠴᠤᠳ ᠤᠨ ᠬᠢᠮᠡᠯ ᠣᠶᠤᠨ ᠪᠠ ᠮᠠᠰᠢᠨ ᠬᠥᠮᠥᠨ ᠤ ᠤᠷᠤᠯᠳᠤᠭᠠᠨ ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ | ᠰᠤᠷᠭᠠᠭᠤᠯᠢ ᠳᠤ ᠶᠠᠪᠤᠭᠳᠠᠪᠠ᠃ | ᠲᠤᠰ ᠤᠳᠠᠭ᠎ᠠ ᠶᠢᠨ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠤᠷᠭᠠᠨ ᠬᠥᠮᠦᠵᠢᠯ ᠪᠠ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠵᠦ᠂ ᠬᠤᠳᠠ ᠶᠢᠨ | ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠬᠤᠳᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠨᠡᠶᠢᠭᠡᠮᠯᠢᠭ ᠵᠡᠷᠭᠡ ᠨᠢᠭᠡᠴᠡ ᠳᠠᠭᠠᠭᠠᠴᠢᠯᠠᠨ ᠡᠷᠬᠢᠯᠡᠵᠦ᠂ ᠬᠥᠬᠡᠬᠤᠲᠠ᠂ ᠪᠤᠭᠤᠲᠤ ᠬᠤᠳᠠ᠂ ᠬᠥᠯᠥᠨ | ᠪᠤᠶᠢᠷ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ | ᠣᠷᠳᠣᠰ ᠬᠤᠳᠠ᠂ ᠦᠬᠠᠢ ᠬᠤᠳᠠ ᠵᠡᠷᠭᠡ 9 ᠠᠶᠢᠮᠠᠭ ᠬᠤᠳᠠ ᠶᠢᠨ ᠦᠷᠢᠰᠦᠯᠳᠦᠭᠴᠢ ᠤᠷᠤᠯᠳᠤᠭᠠᠨ ᠳᠤ ᠣᠷᠣᠯᠴᠠᠵᠤ᠂ | ᠪᠠᠭᠰᠢ ᠪᠠ ᠰᠤᠷᠤᠭᠴᠢ ᠨᠡᠶᠢᠳᠡ 500 ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃ | ᠤᠷᠤᠯᠳᠤᠭᠠᠨ ᠳᠤ ᠵᠢᠯᠣᠭᠤᠴᠢ ᠦᠭᠡᠢ ᠨᠢᠰᠬᠡᠯ ᠤᠨ ᠲᠤᠰᠬᠠᠢ ᠤᠷᠤᠯᠳᠤᠭᠠᠨ ᠪᠠ ᠣᠶᠤᠨᠲᠤ ᠮᠠᠰᠢᠨ ᠬᠥᠮᠥᠨ ᠤ | ᠲᠤᠰᠬᠠᠢ ᠤᠷᠤᠯᠳᠤᠭᠠᠨ ᠪᠠᠭᠲᠠᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠪᠠ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠯᠠᠨ ᠬᠦᠷᠢᠶ᠎ᠡ ᠶᠢ ᠬᠠᠮᠤᠷᠴᠤ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠢᠮᠡᠯ ᠤᠶᠤᠨ ᠵᠢᠴᠢ ᠰᠢᠨ᠎ᠡ ᠶᠢ ᠡᠭᠦᠳᠦᠭᠴᠢᠳ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ | ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠬᠤ ᠪᠠᠷ ᠵᠣᠷᠢᠯᠭ᠎ᠠ ᠪᠠᠨ ᠪᠣᠯᠭᠠᠵᠠᠢ᠃ ᠰᠤᠷᠪᠤᠯᠵᠢᠯᠠᠭᠴᠢ ᠸᠠᠩ ᠵᠥᠩ ᠵᠧᠦ ᠯᠢᠦᠢ ᠾᠦᠢ ᠱᠧᠩ | ᠰᠡᠭᠦᠳᠡᠷᠯᠡᠪᠡ |