ᠮᠠᠨ ᠤ ᠬᠤᠲᠠ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/7/6
      ︵ᠰᠤᠷᠪᠤᠯᠵᠢᠯᠠᠭᠴᠢ ᠰᠥᠩ ᠰᠢᠶᠠᠩ ᠬᠤᠸᠠ︶ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠡᠬᠢᠨ ᠠᠴᠠ ᠡᠬᠢᠯᠡᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠦᠬᠦ ᠬᠤᠲᠠ ᠶᠢᠨ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠡᠢ᠃      ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠪᠣᠯ ᠨᠢᠭᠡ ᠵᠦᠢᠯ ᠤᠨ ᠭᠠᠵᠠᠷ ᠰᠢᠷᠣᠢ ᠶᠢᠨ ᠦᠨᠳᠦᠰᠦᠨ ᠲᠤᠭ᠎ᠠ ᠪᠠᠷᠢᠮᠲᠠ ᠮᠥᠨ᠂ ᠲᠡᠷᠡ ᠨᠢ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠭᠠᠵᠠᠷ ᠰᠢᠷᠣᠢ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠨᠳᠦᠰᠦᠨ ᠦᠢᠯᠡᠳᠦᠯ ᠲᠠᠢ ᠶᠤᠮ᠃ ᠲᠤᠰ ᠠᠵᠢᠯ ᠢ ᠤᠷᠤᠭᠰᠢᠲᠠᠢ ᠶᠠᠪᠤᠭᠳᠠᠭᠤᠯᠬᠤ ᠶᠢᠨ ᠲᠥᠯᠥᠭᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠬᠥᠬᠡᠬᠤᠲᠠ ᠶᠢᠨ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠬᠦ ᠠᠵᠢᠯ ᠢ ᠡᠬᠢᠯᠡᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠭᠦᠨ ᠤ ᠬᠠᠮᠲᠤ ᠡᠯ᠎ᠡ ᠬᠤᠰᠢᠭᠤ ᠰᠢᠶᠠᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠥᠩᠭᠡᠷᠡᠭᠰᠡᠨ ᠤ ᠳᠡᠩᠰᠡᠯᠡᠨ ᠲᠡᠮᠳᠡᠭᠯᠡᠭᠰᠡᠨ ᠦᠷ᠎ᠡ ᠪᠦᠲᠦᠭᠡᠯ ᠢ ᠬᠢᠨᠠᠨ ᠬᠠᠷᠭᠤᠭᠤᠯᠬᠤ᠂ ᠲᠣᠬᠢᠷᠠᠭᠤᠯᠬᠤ ᠪᠠ ᠰᠢᠨᠡᠳᠬᠡᠬᠦ ᠶᠢᠨ ᠬᠠᠮᠲᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠣᠰ ᠠᠵᠢᠯ ᠢ ᠴᠠᠭ ᠲᠤᠬᠠᠢ ᠳᠤᠨᠢ ᠴᠢᠨᠠᠷ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃ ᠣᠳᠣᠬᠠᠨ ᠳᠤ᠂ ᠰᠢᠨ᠎ᠡ ᠬᠤᠲᠠ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠨᠢᠭᠡᠨᠲᠡ ᠰᠢᠨᠡᠳᠬᠡᠭᠰᠡᠨ ᠤ ᠳᠠᠷᠠᠭᠠᠬᠢ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠤᠷᠢᠶᠠᠩᠭᠤᠶᠢᠯᠠᠨ ᠲᠤᠰᠢᠶᠠᠵᠤ᠂ ᠶᠠᠰᠤ ᠴᠢᠨᠠᠷ ᠤᠨ ᠪᠠᠶᠢᠴᠠᠭᠠᠯᠲᠠ ᠶᠢ ᠥᠩᠭᠡᠷᠡᠭᠦᠯᠦᠭᠰᠡᠨ ᠤ ᠳᠠᠷᠠᠭ᠎ᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠨᠢᠭᠡᠳᠦᠯᠲᠡᠢ ᠬᠤᠷᠢᠶᠠᠩᠭᠤᠶᠢᠯᠠᠨ ᠲᠤᠰᠢᠶᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ