ᠰᠦᠮ᠎ᠡ ᠵᠣᠣ ᠶᠢᠨ ᠬᠤᠲᠠ ᠠᠴᠠ ᠬᠤᠳᠠᠯᠳᠤᠭᠠᠨ ᠤ ᠬᠤᠲᠠ ᠪᠣᠯᠲᠠᠯ᠎ᠠ — ᠬᠦᠬᠡᠬᠤᠲᠠ ᠶᠢᠨ ᠲᠡᠥᠬᠡ ᠶᠢᠨ ᠤᠯᠠ ᠮᠦᠷ
ᠨᠡᠶᠢᠲᠡᠯᠡᠭᠰᠡᠨ ᠴᠠᠭ᠄
2023/7/6
      ᠬᠥᠬᠡᠬᠤᠲᠠ ᠲᠡᠦᠬᠡᠨ ᠳᠤ ᠮᠢᠩ ᠤᠯᠤᠰ ᠤᠨ ᠰᠡᠭᠦᠯᠴᠢ ᠂ ᠡᠩᠬᠡ ᠠᠮᠤᠭᠤᠯᠠᠩ ᠤᠨ ᠦᠶ᠎ᠡ ᠂ ᠨᠠᠶᠢᠷᠠᠯᠲᠤ ᠲᠥᠪ ᠤᠨ ᠦᠶ᠎ᠡ ᠶᠢᠨ ᠭᠤᠷᠪᠠ ᠤᠳᠠᠭᠠᠨ ᠤ ᠰᠦᠮ᠎ᠡ ᠪᠠᠶᠢᠭᠤᠯᠬᠤ ᠥᠷᠨᠢᠯᠲᠡ ᠶᠢ ᠥᠩᠭᠡᠷᠡᠭᠡᠭᠡᠳ ᠮᠠᠷᠭᠤᠰᠢ ᠦᠭᠡᠢ ᠮᠣᠩᠭᠤᠯ ᠤᠨ ᠥᠨᠳᠦᠷᠯᠢᠭ ᠲᠠᠬᠢ ᠲᠥᠪᠡᠳ  ᠤᠨ ᠪᠤᠳ᠋ᠳ᠋ᠾᠠ ᠶᠢᠨ ᠱᠠᠰᠢᠨ ᠤ ᠲᠥᠪ ᠪᠣᠯᠤᠭᠰᠠᠨ ᠶᠤᠮ᠃      1900 ᠣᠨ ᠪᠣᠯᠲᠠᠯᠠᠬᠢ ᠪᠦᠷᠢᠳᠬᠡᠯ ᠠᠴᠠ ᠦᠵᠡᠪᠡᠯ᠂ ᠪᠦᠬᠦᠶᠢᠯᠡ ᠮᠣᠩᠭᠤᠯ ᠤᠨ ᠥᠨᠳᠦᠷᠯᠢᠭ ᠲᠤ 1260 ᠰᠦᠮ᠎ᠡ ᠲᠠᠢ ᠪᠠᠢᠵᠤ᠂ ᠡᠭᠦᠨ ᠤ ᠳᠣᠲᠣᠷ᠎ᠠ ᠵᠥᠪᠬᠡᠨ ᠬᠥᠬᠡᠬᠤᠲᠠ 87 ᠶᠢ ᠨᠢ ᠡᠵᠡᠯᠡᠵᠦ᠂ ᠵᠢᠩᠬᠢᠨᠢ ᠰᠦᠮ᠎ᠡ ᠵᠣᠣ ᠶᠢᠨ ᠬᠤᠲᠠ ᠭᠡᠵᠦ ᠬᠡᠯᠡᠵᠦ ᠪᠣᠯᠬᠤ ᠶᠤᠮ᠃ ᠲᠣᠭᠲᠠᠭᠤᠨ ᠪᠥᠭᠡᠳ ᠴᠡᠴᠡᠭᠯᠡᠨ ᠬᠥᠭᠵᠢᠭᠰᠡᠨ ᠮᠣᠩᠭᠤᠯ ᠤᠨ ᠥᠨᠳᠦᠷᠯᠢᠭ ᠨᠢ ᠴᠠᠢ ᠶᠢᠨ ᠵᠠᠮ ᠢ ᠨᠡᠭᠡᠭᠡᠬᠦ ᠪᠠ ᠰᠠᠭᠠᠳ ᠦᠭᠡᠢ ᠨᠡᠪᠲᠡᠷᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃      ᠴᠠᠢ ᠶᠢᠨ ᠵᠠᠮ ᠨᠡᠭᠡᠭᠡᠭᠳᠡᠭᠰᠡᠨ ᠤ ᠳᠠᠷᠠᠭ᠎ᠠ᠂ ᠱᠠᠰᠢᠨ ᠤ ᠰᠦᠯᠵᠢᠶ᠎ᠡ ᠬᠢᠭᠡᠳ ᠬᠤᠳᠠᠯᠳᠤᠭᠠᠨ ᠤ ᠰᠦᠯᠵᠢᠶ᠎ᠡ ᠮᠠᠰᠢ ᠲᠦᠷᠭᠡᠨ ᠳᠠᠪᠬᠤᠴᠠᠪᠠ᠃ ᠥᠭᠡᠷ᠎ᠡ ᠪᠠᠷ ᠬᠡᠯᠡᠪᠡᠯ ᠬᠤᠳᠠᠯᠳᠤᠭᠠᠨ ᠤ ᠰᠦᠯᠵᠢᠶ᠎ᠡ ᠪᠣᠯ ᠲᠥᠪᠡᠳ ᠤᠨ ᠪᠤᠳ᠋ᠳ᠋ᠾᠠ ᠶᠢᠨ ᠱᠠᠰᠢᠨ ᠤ ᠰᠠᠭᠤᠷᠢᠨ ᠳᠡᠭᠡᠷ᠎ᠡ ᠪᠠᠶᠢᠭᠤᠯᠤᠭᠳᠠᠭᠰᠠᠨ ᠶᠤᠮ᠃ ᠬᠤᠳᠠᠯᠳᠤᠭᠠᠴᠢᠳ ᠰᠦᠮ᠎ᠡ ᠶᠢᠨ ᠡᠷᠬᠡ ᠰᠦᠷ ᠪᠠ ᠨᠥᠯᠥᠭᠡ ᠶᠢ ᠤᠷᠠᠨ ᠢᠶᠠᠷ ᠠᠰᠢᠭᠯᠠᠵᠤ᠂ ᠲᠠᠯ᠎ᠠ ᠨᠤᠲᠤᠭ ᠲᠤ  ᠬᠤᠳᠠᠯᠳᠤᠭᠠᠨ ᠤ ᠠᠵᠢᠯ ᠶᠠᠪᠤᠳᠠᠯ ᠢᠶᠠᠨ ᠤᠷᠤᠭᠰᠢᠲᠠᠢ ᠥᠷᠨᠢᠭᠦᠯᠦᠭᠰᠡᠨ ᠪᠠᠶᠢᠨ᠎ᠠ᠃ ᠰᠦᠮ᠎ᠡ ᠶᠢᠨ ᠨᠥᠯᠥᠭᠡ  ᠬᠠᠮᠢᠭ᠎ᠠ ᠬᠦᠷᠪᠡᠯ ᠬᠤᠳᠠᠯᠳᠤᠭᠠᠨ ᠤ ᠦᠢᠯᠡᠰ ᠲᠡᠨᠳᠡ ᠬᠦᠷᠴᠦ ᠪᠠᠶᠢᠵᠠᠢ᠃      ᠰᠦᠮ᠎ᠡ ᠵᠤᠤ ᠳᠤ ᠶᠡᠭᠡ ᠬᠡᠮᠵᠢᠶᠡᠨ ᠤ ᠭᠠᠵᠠᠷ ᠲᠠᠷᠢᠶ᠎ᠠ ᠮᠠᠯ ᠤᠨᠤᠭ᠎ᠠ ᠪᠠ ᠪᠤᠰᠤᠳ ᠡᠳ᠋ ᠬᠥᠷᠥᠩᠭᠡ ᠲᠠᠢ ᠪᠠᠶᠢᠪᠠ ᠃ ᠵᠢᠱᠢᠶᠡᠯᠡᠪᠡᠯ ᠪᠠᠶᠠᠰᠬᠤᠯᠠᠩ ᠪᠠᠷᠢᠯᠳᠤᠯᠭ᠎ᠠ ᠰᠦᠮ᠎ᠡ ᠨᠢ ᠲᠦᠮᠡᠳ ᠲᠤ 6 ᠲᠦᠮᠡᠨ ᠮᠦ ᠭᠠᠵᠠᠷ ᠰᠢᠷᠣᠢ ᠲᠠᠢ᠂ ᠰᠦᠮ᠎ᠡ ᠶᠢᠨ ᠡᠷᠭᠢᠨ ᠲᠣᠭᠤᠷᠢᠨ ᠳᠤ 200 ᠮᠦ ᠰᠠᠶᠢᠨ ᠭᠠᠵᠠᠷ ᠲᠠᠢ᠂ ᠦᠯᠵᠡᠢ ᠶᠢ ᠤᠷᠳᠤᠳᠬᠠᠭᠴᠢ ᠰᠦᠮ᠎ᠡ 630 ᠭᠠᠷᠤᠢ ᠮᠦ ᠭᠠᠵᠠᠷ ᠲᠠᠢ᠂ ᠱᠠᠰᠢᠨ ᠪᠠᠶᠠᠰᠬᠤᠯᠠᠩᠲᠦ ᠰᠦᠮ᠎ᠡ 2000 ᠭᠠᠷᠤᠢ ᠮᠦ ᠮᠠᠯᠵᠢᠯ ᠤᠨ ᠲᠠᠯᠠᠪᠠᠶ᠂ 33300 ᠮᠦ ᠲᠠᠷᠢᠶᠠᠨ ᠭᠠᠵᠠᠷ ᠲᠠᠢ ᠪᠠᠶᠢᠪᠠ᠃ ᠰᠢᠷᠡᠭᠡᠲᠦ ᠵᠤᠤ ᠭᠦᠢ ᠬᠤᠸᠠ ᠬᠤᠲᠠ ᠳᠤ ᠬᠤᠶᠠᠷ ᠮᠢᠩᠭ᠎ᠠ ᠭᠠᠷᠤᠢ ᠲᠠᠰᠤᠯᠭ᠎ᠠ ᠭᠡᠷ ᠪᠠᠶᠢᠰᠢᠩ ᠲᠠᠢ᠂ ᠤᠰᠤᠲᠤ ᠵᠤᠤ ᠭᠦᠢ ᠬᠤᠸᠠ ᠬᠤᠲᠠ ᠳᠤ ᠬᠤᠳᠠᠯᠳᠤᠭᠠᠨ ᠳᠤ ᠬᠡᠷᠡᠭᠯᠡᠬᠦ ᠲᠦᠷᠢᠶᠡᠰᠦᠨ ᠭᠡᠷ 36 ᠭᠠᠵᠠᠷ ᠲᠤ 581 ᠲᠠᠰᠤᠯᠭ᠎ᠠ ᠭᠡᠷ ᠪᠠᠶᠢᠰᠢᠩ ᠲᠠᠢ᠂ ᠪᠠᠶᠠᠰᠬᠤᠯᠠᠩ ᠪᠠᠷᠢᠯᠳᠤᠯᠭ᠎ᠠ ᠰᠦᠮ᠎ᠡ ᠪᠠᠭ᠎ᠠ ᠡᠮᠦᠨ᠎ᠡ ᠵᠡᠭᠡᠯᠢ ᠳᠤ 50 ᠭᠠᠷᠤᠢ ᠲᠠᠰᠤᠯᠭ᠎ᠠ ᠳᠡᠯᠭᠡᠭᠦᠷ ᠤᠨ ᠭᠡᠷ ᠲᠠᠢ︔ ᠦᠯᠵᠡᠢ ᠶᠢ ᠤᠷᠳᠤᠳᠬᠠᠭᠴᠢ ᠰᠦᠮ᠎ᠡ ᠪᠠᠭ᠎ᠠ ᠬᠤᠶᠢᠲᠤ ᠵᠡᠭᠡᠯᠢ᠂ ᠶᠡᠭᠡ ᠪᠠᠷᠠᠭᠤᠨ ᠵᠡᠭᠡᠯᠢ᠂ ᠶᠡᠭᠡ ᠵᠣᠣ ᠶᠢᠨ ᠡᠮᠦᠨ᠎ᠡ ᠵᠡᠷᠭᠡ ᠭᠠᠵᠠᠷ ᠲᠤ 15 ᠭᠠᠵᠠᠷ ᠲᠤ 231 ᠲᠠᠰᠤᠯᠭ᠎ᠠ ᠳᠡᠯᠭᠡᠭᠦᠷ ᠤᠨ ᠭᠡᠷ ᠲᠠᠢ ︔ ᠱᠠᠰᠢᠨ ᠪᠠᠶᠠᠰᠬᠤᠯᠠᠩᠲᠦ ᠰᠦᠮ᠎ᠡ ᠯᠢᠦᠢ ᠼᠦ ᠮᠢᠶᠣᠣ ᠵᠡᠭᠡᠯᠢ ᠂ ᠪᠠᠭ᠎ᠠ ᠪᠠᠷᠠᠭᠤᠨ ᠵᠡᠭᠡᠯᠢ᠂ ᠶᠡᠭᠡ ᠵᠡᠭᠦᠨ ᠵᠡᠭᠡᠯᠢ ᠵᠡᠷᠭᠡ ᠭᠠᠵᠠᠷ ᠲᠤ 21 ᠭᠠᠵᠠᠷ ᠲᠤ 318 ᠲᠠᠰᠤᠯᠭ᠎ᠠ ᠭᠡᠷ ᠪᠠᠶᠢᠰᠢᠩ ᠲᠠᠢ᠃ ᠳᠣᠲᠣᠷ ᠭᠠᠵᠠᠷ ᠤᠨ ᠶᠡᠭᠡ ᠬᠡᠮᠵᠢᠶᠡᠨ ᠤ ᠬᠤᠳᠠᠯᠳᠤᠭᠠᠴᠢᠳ ᠭᠦᠢ ᠬᠤᠸᠠ ᠬᠤᠲᠠ ᠳᠤ ᠢᠪᠡᠷᠡᠨ ᠣᠷᠣᠵᠤ ᠢᠷᠡᠭᠡᠳ ᠬᠤᠳᠠᠯᠳᠤᠭ᠎ᠠ ᠮᠠᠶᠢᠮᠠᠢ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠤᠨ ᠬᠡᠷᠡᠭᠴᠡᠭᠡ ᠲᠤᠶᠢᠯ ᠤᠨ ᠶᠡᠭᠡ ᠪᠣᠯᠤᠭᠰᠠᠨ ᠠᠴᠠ ᠰᠦᠮ᠎ᠡ ᠬᠡᠶᠢᠳ ᠨᠢ ᠭᠠᠵᠠᠷ ᠰᠢᠷᠣᠢ ᠪᠠ ᠭᠡᠷ ᠪᠠᠶᠢᠰᠢᠩ ᠢᠶᠠᠨ ᠬᠤᠳᠠᠯᠳᠤᠭᠠᠴᠢᠨ ᠳᠤ ᠲᠦᠷᠢᠶᠡᠰᠦᠯᠡᠨ ᠥᠭᠭᠦᠭᠰᠡᠨ ᠪᠠᠶᠢᠨ᠎ᠠ᠃ ᠬᠤᠯᠪᠣᠭᠳᠠᠯ ᠪᠦᠬᠦᠢ ᠲᠡᠦᠬᠡᠨ ᠮᠠᠲ᠋ᠧᠷᠢᠶᠠᠯ ᠤᠨ ᠲᠡᠮᠳᠡᠭᠯᠡᠯ ᠢ ᠦᠨᠳᠦᠰᠦᠯᠡᠪᠡᠯ᠂ ᠬᠦᠶ ᠬᠤᠸᠠ ᠬᠤᠲᠠ ᠶᠢᠨ ᠭᠠᠵᠠᠷ ᠤᠨ ᠰᠠᠷ᠎ᠠ ᠶᠢᠨ ᠲᠦᠷᠢᠶᠡᠰᠦᠨ ᠮᠥᠩᠭᠦ ᠨᠢ 2000 ︽ᠠᠷᠪᠠᠨ ᠵᠣᠭᠤᠰ︾ ︵ ︽ 当十钱 ︾︶ ᠲᠤ ᠬᠦᠷᠦᠭᠰᠡᠨ ᠪᠠᠶᠢᠨ᠎ᠠ᠃ ᠵᠠᠷᠢᠮ ᠰᠦᠮ᠎ᠡ ᠵᠤᠤ ᠨᠢ ᠪᠠᠰᠠ ᠮᠠᠰᠢ ᠤᠯᠠᠨ ᠮᠠᠯ ᠤᠨᠤᠭ᠎ᠠ ᠲᠠᠢ᠂ ᠶᠡᠭᠡ ᠵᠤᠤ ᠨᠢ ᠬᠦᠢ ᠬᠤᠸᠠ ᠬᠤᠳᠠ ᠳᠤ 817 ᠲᠠᠰᠤᠯᠭ᠎ᠠ ᠭᠡᠷ ᠪᠠᠶᠢᠰᠢᠩ ᠲᠠᠢ ᠪᠠᠶᠢᠵᠤ᠂ ᠮᠢᠩᠭ᠎ᠠ ᠪᠠᠷ ᠲᠣᠭᠠᠯᠠᠬᠤ ᠭᠡᠷ ᠪᠠᠶᠢᠰᠢᠩ ᠤᠳ ᠢᠶᠠᠷ ᠶᠠᠭᠤ ᠬᠢᠭᠰᠡᠨ ᠪᠣᠢ ︖ ᠪᠦᠬᠦᠨ ᠢ ᠮᠠᠶᠢᠮᠠᠶᠢᠴᠢᠨ ᠤ ᠳᠡᠯᠭᠡᠭᠦᠷ ᠪᠣᠯᠭᠠᠵᠠᠢ︕ ᠥᠭᠡᠷ᠎ᠡ ᠪᠠᠷ ᠬᠡᠯᠡᠪᠡᠯ ᠰᠦᠮ᠎ᠡ ᠵᠣᠣ ᠨᠢ ᠮᠦᠨ ᠴᠦ ᠬᠤᠳᠠᠯᠳᠤᠭᠠᠴᠢᠨ ᠤ ᠭᠡᠷ ᠤᠨ ᠡᠵᠡᠨ ᠪᠠᠶᠢᠵᠠᠢ᠃ ︵ᠳᠡᠭᠡᠷᠡᠬᠢ ᠦᠭᠡ ᠥᠭᠦᠯᠡᠪᠦᠷᠢ ᠶᠢ ᠬᠡᠰᠡᠭᠯᠡᠵᠦ ᠠᠪᠤᠪᠠ︶       ᠡᠬᠡ ᠪᠢᠴᠢᠭ ᠢ ᠳ᠋ᠢᠩ ᠵᠢᠦ ᠭᠠᠩ᠂ ᠵᠢᠷᠤᠭ ︵ᠨᠡᠷ᠎ᠡ ᠬᠠᠳᠠᠭᠰᠠᠨ ᠵᠢᠷᠤᠭ ᠠᠴᠠ ᠪᠣᠰᠤᠳ︶ ᠢ ᠵᠣᠣ ᠸᠸᠨ ᠶᠣᠣ ᠬᠠᠩᠭ
 图1.jpg
ᠵᠢᠷᠤᠭ 1. ᠲᠠᠶᠢᠯᠪᠤᠷᠢ ᠦᠭᠡᠢ
图2.jpg
ᠵᠢᠷᠤᠭ 2. ᠳᠡᠭᠡᠷ᠎ᠡ ᠵᠠᠭᠤᠨ ᠤ ᠭᠤᠴᠢᠭᠠᠳ ᠣᠨ ᠤ ᠬᠠᠭᠤᠴᠢᠨ ᠬᠤᠲᠠ᠃ ︵ᠵᠢᠷᠤᠭ ᠢ ᠰᠥᠩ ᠫᠧᠩ ᠲᠤᠤ ᠬᠠᠩᠭᠠᠪᠠ︶
图3.jpg
ᠵᠢᠷᠤᠭ 3. ᠳᠡᠭᠡᠷ᠎ᠡ ᠵᠠᠭᠤᠨ ᠤ ᠭᠤᠴᠢᠭᠠᠳ ᠣᠨ ᠤ ᠰᠢᠨ᠎ᠡ ᠬᠤᠲᠠ᠃ ︵ᠵᠢᠷᠤᠭ ᠢ ᠰᠥᠩ ᠫᠧᠩ ᠲᠤᠤ ᠬᠠᠩᠭᠠᠪᠠ︶
图4.jpg
ᠵᠢᠷᠤᠭ 4. ᠬᠠᠭᠤᠴᠢᠨ ᠬᠦᠢ ᠬᠤᠸᠠ ᠬᠤᠲᠠ ᠶᠢᠨ ᠶᠡᠭᠡ ᠬᠤᠶᠢᠲᠤ ᠵᠡᠭᠡᠯᠢ᠃ ︵ᠵᠢᠷᠤᠭ ᠢ ᠰᠥᠩ ᠫᠧᠩ ᠲᠤᠤ ᠬᠠᠩᠭᠠᠪᠠ︶
图5.jpg
ᠵᠢᠷᠤᠭ 5. ᠳ᠋ᠠ ᠱᠧᠩ ᠺᠦᠢ ᠶᠢᠨ ᠴᠠᠢ ᠵᠥᠭᠡᠭᠡᠪᠦᠷᠢᠯᠡᠳᠡᠭ ᠲᠡᠮᠡᠭᠡᠲᠦ ᠬᠤᠳᠠᠯᠳᠤᠭᠠᠨ ᠤ ᠠᠩᠭᠢ ᠮᠣᠩᠭᠤᠯ ᠢᠶᠠᠷ ᠦᠩᠭᠡᠷᠡᠭᠡᠬᠦ ᠳᠡᠭᠡᠨ᠃
图6.jpg
ᠵᠢᠷᠤᠭ 6. ᠳᠡᠭᠡᠷ᠎ᠡ ᠵᠠᠭᠤᠨ ᠤ ᠲᠠᠪᠢᠭᠠᠳ ᠣᠨ ᠤ ᠬᠤᠷᠰᠢᠶ᠎ᠠ ᠳᠡᠯᠭᠡᠭᠦᠷ
图7.jpg
ᠵᠢᠷᠤᠭ 7. ᠬᠠᠭᠤᠴᠢᠨ ᠬᠦᠢ ᠬᠤᠸᠠ ᠬᠤᠲᠠ ᠶᠢᠨ ᠲᠡᠮᠡᠭᠡᠨ ᠵᠢᠩ ᠤᠨ ᠠᠩᠭᠢ
图8.jpg
ᠵᠢᠷᠤᠭ 8. ᠪᠤᠴᠠᠵᠤ ᠢᠷᠡᠭᠰᠡᠨ ᠲᠡᠮᠡᠭᠡᠳᠡᠨ ᠬᠤᠳᠠᠯᠳᠤᠭᠠᠴᠢᠨ
图9.jpg
ᠵᠢᠷᠤᠭ 9. ᠶᠡᠭᠡ ᠵᠤᠤ ᠶᠢᠨ ᠡᠮᠦᠨᠡᠬᠢ ᠨᠠᠷᠠᠲᠠᠢ ᠳ᠋ᠧ ᠲᠠᠢ ᠢᠦᠢ ᠡᠮ ᠤᠨ ᠳᠡᠯᠭᠡᠭᠦᠷ
图10.jpg
ᠵᠢᠷᠤᠭ 10 . ᠰᠦᠮ᠎ᠡ ᠵᠣᠣ ᠶᠢᠨ ᠬᠤᠲᠠ ᠠᠴᠠ ᠬᠤᠳᠠᠯᠳᠤᠭᠠᠨ ᠤ ᠬᠤᠳᠠ ᠪᠣᠯᠲᠠᠯᠠᠬᠢ ᠲᠡᠦᠬᠡ ᠶᠢᠨ ᠬᠤᠪᠢᠷᠠᠯᠲᠠ ᠨᠢ ᠬᠦᠬᠡᠬᠤᠲᠠ ᠳᠤ ᠭᠦᠨ ᠵᠤᠵᠠᠭᠠᠨ ᠰᠣᠶᠣᠯ ᠤᠨ ᠥᠪ ᠢ ᠦᠯᠡᠳᠡᠭᠡᠭᠰᠡᠨ ᠪᠠᠶᠢᠨ᠎ᠠ᠃ ︵ᠰᠡᠭᠦᠳᠡᠷᠯᠡᠭᠴᠢ ᠵᠠᠩ ᠯᠢᠩ︶     ᠢᠷᠡᠯᠲᠡ᠄ ᠠᠮᠢᠵᠢᠷᠠᠯ ᠪᠢᠯᠬᠠᠭᠰᠠᠨ ᠦᠪᠦᠷ ᠮᠣᠩᠭᠤᠯ ᠠᠴᠠ ᠣᠷᠴᠢᠭᠤᠯᠤᠨ ᠰᠡᠶᠢᠷᠡᠭᠦᠯᠪᠡ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ