︽ᠪᠣᠭᠤᠮᠲᠠ ᠶᠢᠨ ᠭᠠᠳᠠᠨᠠᠬᠢ ᠬᠠᠭᠤᠴᠢᠨ ᠵᠡᠭᠡᠯᠢ︾ ᠨᠢ ᠶᠡᠭᠡ ᠵᠣᠣ ᠰᠦᠮ᠎ᠡ ᠶᠢᠨ ᠪᠠᠷᠠᠭᠤᠨ ᠲᠠᠯ᠎ᠠ ᠳᠤ ᠪᠠᠶᠢᠷᠢᠯᠠᠳᠠᠭ᠂ ᠬᠦᠬᠡᠬᠤᠲᠠ ᠶᠢᠨ ᠴᠣᠷ ᠤᠨ | ᠭᠠᠭᠴᠠ ᠨᠡᠯᠢᠶᠡᠳ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠮᠢᠩ ᠴᠢᠩ ᠤᠯᠤᠰ ᠤᠨ ᠡᠷᠲᠡᠨ ᠤ ᠵᠡᠭᠡᠯᠢ ᠪᠣᠯᠤᠨ᠎ᠠ᠃ ᠲᠡᠭᠦᠨ ᠢ ᠪᠠᠰᠠ ᠲᠦᠩ ᠱᠦᠨ | ᠵᠡᠭᠡᠯᠢ ᠭᠡᠳᠡᠭ᠂ ᠪᠦᠬᠦ ᠤᠷᠲᠤ ᠨᠢ 380 ᠮᠧᠲᠷ ᠪᠠᠶᠢᠵᠤ᠂ ᠬᠦᠬᠡᠬᠤᠲᠠ ᠶᠢᠨ ᠡᠭᠦᠰᠦᠯᠲᠡ ᠶᠢᠨ ᠭᠠᠵᠠᠷ ᠤᠨ ᠨᠢᠭᠡ ᠪᠠᠶᠢᠵᠤ᠂ ᠣᠳᠣ ᠪᠣᠯᠬᠤ ᠳᠤ ᠨᠢᠭᠡᠨᠲᠡ | 400 ᠭᠠᠷᠤᠢ ᠵᠢᠯ ᠤᠨ ᠲᠡᠥᠭᠡ ᠲᠠᠢ ᠪᠣᠯᠵᠠᠢ᠃ | ᠵᠡᠭᠦᠨ ᠡᠭᠦᠳᠡ ᠪᠠᠷ ᠣᠷᠤᠪᠠᠯ ᠡᠮᠦᠨ᠎ᠡ ᠲᠠᠯ᠎ᠠ ᠳᠤ ᠨᠢ ︽ᠪᠣᠭᠤᠮᠲᠠ ᠶᠢᠨ ᠭᠠᠳᠠᠨᠠᠬᠢ ᠬᠠᠭᠤᠴᠢᠨ ᠵᠡᠭᠡᠯᠢ︾ ᠭᠡᠰᠡᠨ ᠡᠷᠲᠡᠨ ᠤ ᠦᠶ᠎ᠡ ᠶᠢᠨ ᠬᠡᠪ ᠨᠠᠮᠪᠠ | ᠲᠠᠢ ᠫᠠᠶᠢᠰᠠ ᠳᠤᠷᠠᠶᠢᠮ᠎ᠠ ᠬᠠᠷᠠᠭᠳᠠᠵᠤ᠂ ᠠᠷᠤ ᠲᠠᠯ᠎ᠠ ᠳᠤ ᠨᠢ ︽ᠮᠢᠩ ᠴᠢᠩ ᠤᠨ ᠦᠯᠡᠳᠡᠭᠳᠡᠯ︾ ᠭᠡᠰᠡᠨ ᠪᠢᠴᠢᠭᠡᠰᠦ ᠲᠠᠢ ᠪᠠᠶᠢᠵᠤ᠂ ᠵᠠᠮ ᠤᠨ ᠬᠤᠶᠠᠷ | ᠬᠠᠵᠠᠭᠤ ᠶᠢᠨ ᠪᠣᠢ ᠪᠦᠬᠦᠢ ᠪᠠᠷᠢᠯᠭ᠎ᠠ ᠨᠢ ᠴᠦᠮ ᠮᠢᠩ ᠴᠢᠩ ᠤᠨ ᠪᠠᠷᠢᠯᠭ᠎ᠠ ᠶᠢᠨ ᠬᠡᠪ ᠨᠠᠮᠪᠠ ᠲᠠᠢ᠂ ᠬᠠᠭᠤᠴᠢᠨ ᠵᠡᠭᠡᠯᠢ ᠪᠠᠷ ᠶᠠᠪᠤᠬᠤ ᠳᠤ᠂ ᠨᠡᠭᠦᠳᠡᠯᠴᠢᠨ | ᠦᠨᠳᠦᠰᠦᠳᠡᠨ ᠤ ᠰᠣᠶᠤᠯ ᠤᠨ ᠠᠭᠤᠷ ᠠᠮᠢᠰᠬᠤᠯ ᠮᠡᠳᠡᠷᠡᠭᠳᠡᠳᠡᠭ᠃ | 1997 ᠣᠨ ᠠᠴᠠ ᠰᠡᠭᠦᠯᠡᠷ᠂ ᠵᠠᠰᠠᠭ ᠤᠨ ᠣᠷᠳᠣᠨ ᠠᠴᠠ ᠲᠡᠥᠭᠡ ᠶᠢᠨ ᠦᠯᠡᠳᠡᠭᠳᠡᠯ ᠢ ᠬᠠᠮᠠᠭᠠᠯᠠᠬᠤ ᠶᠢᠨ ᠲᠦᠯᠦᠭᠡ᠂ ᠬᠠᠭᠤᠴᠢᠨ ᠬᠡᠪ ᠢᠶᠠᠷ ᠨᠢ | ᠵᠠᠰᠠᠬᠤ ᠵᠠᠷᠴᠢᠮ ᠢᠶᠠᠷ ᠳᠠᠬᠢᠨ ᠵᠠᠰᠠᠪᠠ᠃ | 2011 ᠣᠨ ᠳᠤ᠂ ᠬᠦᠬᠡᠬᠤᠲᠠ ᠶᠢᠨ ᠰᠢᠯᠵᠢᠭᠦᠯᠵᠦ ᠪᠣᠯᠤᠰᠢ ᠦᠭᠡᠢ ᠲᠡᠥᠭᠡ ᠶᠢᠨ ᠳᠤᠷᠠᠰᠬᠠᠯᠲᠤ ᠵᠦᠢᠯᠡᠰ ᠢᠶᠠᠷ ᠵᠢᠭᠰᠠᠭᠠᠭᠳᠠᠪᠠ᠃ | 2013 ᠣᠨ ᠳᠤ᠂ ᠵᠠᠰᠠᠭ ᠤᠨ ᠣᠷᠳᠣᠨ ᠳᠠᠬᠢᠨᠲᠠ ᠪᠡᠯᠡ ᠣᠷᠤᠭᠤᠯᠵᠤ᠂ ᠡᠮᠦᠨ᠎ᠡ ᠲᠠᠯ᠎ᠠ ᠶᠢᠨ ᠵᠡᠭᠡᠯᠢ ᠭᠤᠳᠤᠮᠵᠢ ᠶᠢ ᠰᠢᠨ᠎ᠡ ᠪᠠᠷ ᠵᠠᠰᠠᠨ ᠨᠡᠭᠡᠭᠡᠵᠦ᠂ | ᠡᠮᠦᠨ᠎ᠡ ᠤᠮᠠᠷ᠎ᠠ ᠶᠢ ᠬᠤᠯᠪᠤᠭᠰᠠᠨ ᠲᠡᠥᠭᠡ ᠰᠣᠶᠣᠯ ᠤᠨ ᠵᠡᠭᠡᠯᠢ ᠲᠣᠭᠤᠷᠢᠭ ᠢ ᠪᠦᠷᠢᠯᠳᠦᠭᠦᠯᠪᠡ᠃ | ᠨᠢᠭᠡ ᠭᠠᠵᠠᠷ ᠣᠷᠣᠨ ᠤ ᠬᠦᠮᠦᠰ ᠲᠤ ᠦᠯᠡᠳᠡᠭᠡᠬᠦ ᠬᠠᠮᠤᠭ ᠤᠨ ᠭᠦᠨ ᠰᠠᠭᠤᠭᠳᠠᠯ ᠨᠢ ᠤᠨᠴᠠᠯᠢᠭᠲᠤ ᠦᠵᠡᠮᠵᠢ ᠠᠴᠠ ᠨᠢ ᠭᠠᠳᠠᠨ᠎ᠠ ᠲᠤᠰ ᠭᠠᠵᠠᠷ ᠤᠨ | ᠠᠮᠳᠠᠳᠤ ᠢᠳᠡᠭᠡᠨ ᠪᠣᠯᠬᠤ ᠶᠤᠮ᠃ | ᠪᠣᠭᠤᠮᠲᠠ ᠶᠢᠨ ᠭᠠᠳᠠᠨᠠᠭᠢ ᠬᠠᠭᠤᠴᠢᠨ ᠵᠡᠭᠡᠯᠢ ᠳᠤ ᠠᠮᠲᠠᠲᠤ ᠢᠳᠡᠭᠡᠨ ᠤ ᠲᠦᠷᠦᠯ ᠵᠦᠢᠯ ᠮᠠᠰᠢ ᠣᠯᠠᠨ᠃ ᠥᠪᠥᠷ ᠮᠣᠩᠭᠤᠯ ᠳᠤ ᠢᠷᠡᠬᠦ ᠦᠭᠡᠢ ᠪᠣᠯ | ᠡᠬᠡ ᠤᠯᠤᠰ ᠤᠨ ᠶᠡᠭᠡ ᠶᠢ ᠮᠡᠳᠡᠬᠦ ᠦᠭᠡᠢ ᠭᠡᠳᠡᠭ ᠢᠶᠠᠷ᠂ ᠦᠨᠡᠨ ᠳᠡᠭᠡᠨ ᠬᠦᠬᠡᠬᠤᠲᠠ ᠳᠤ ᠢᠷᠡᠬᠦ ᠦᠭᠡᠢ ᠪᠣᠯ ᠲᠠᠯ᠎ᠠ ᠨᠤᠲᠤᠭ ᠤᠨ ᠠᠮᠲᠠᠲᠤ ᠢᠲᠡᠭᠡᠨ ᠤ | ᠤᠨᠴᠠᠯᠢᠭ ᠢ ᠮᠡᠳᠡᠬᠦ ᠦᠭᠡᠢ᠃ | ᠲᠠ ᠵᠠᠪ ᠲᠠᠢ ᠪᠣᠯ ᠬᠦᠬᠡᠬᠤᠲᠠ ᠪᠠᠷ ᠵᠢᠭᠤᠯᠴᠢᠯᠠᠵᠤ ᠠᠲᠡᠬᠢ ᠬᠠᠭᠤᠴᠢ ᠲᠡᠥᠭᠡ ᠠᠴᠠ ᠨᠢ ᠰᠣᠨᠢᠷᠬᠠᠨ ᠠᠮᠲᠠᠲᠤ ᠢᠲᠡᠭᠡᠨ ᠠᠴᠠ ᠨᠢ ᠵᠣᠭᠤᠭᠯᠠᠭᠠᠷᠠᠢ᠃ | | ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠵᠢᠷᠬᠢᠶ᠎ᠡ | ᠵᠢᠷᠤᠭ ᠢ ᠰᠦᠯᠵᠢᠶ᠎ᠡ ᠠᠴᠠ ᠪᠠᠭᠤᠯᠭᠠᠪᠠ | | | | | | | | | | | |