ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ — ᠲᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ
ᠨᠡᠶᠢᠲᠡᠯᠡᠭᠰᠡᠨ ᠴᠠᠭ᠄
2023/7/7
      ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠳᠠᠶᠢᠨ ᠤ ᠲᠡᠦᠬᠡ ᠨᠢ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠲᠡᠦᠬᠡᠨ ᠳᠤ ᠭᠡᠷᠡᠯ ᠰᠠᠴᠤᠷᠠᠩᠭᠤᠢ ᠬᠠᠭᠤᠳᠠᠰᠤ ᠶᠢ ᠦᠯᠡᠳᠡᠭᠡᠭᠰᠡᠨ ᠶᠤᠮ᠃ 1938 ᠣᠨ ᠤ ᠲᠠᠪᠤᠳᠤᠭᠠᠷ ᠰᠠᠷ᠎ᠠ ᠳᠤ ᠮᠠᠤ ᠽᠧ ᠳ᠋ᠦᠩ ᠨᠥᠬᠦᠷ ᠵᠦ ᠳ᠋ᠧ᠂ ᠫᠧᠩ ᠳ᠋ᠧ ᠬᠤᠸᠠᠢ᠂ ᠾᠧ ᠯᠦᠩ᠂ ᠭᠤᠸᠠᠨ ᠰᠢᠶᠠᠩ ᠶᠢᠩ᠂ ᠰᠢᠶᠣᠣ ᠺᠧ ᠵᠡᠷᠭᠡ ᠨᠥᠬᠦᠳ ᠲᠤ ᠴᠠᠬᠢᠯᠭᠠᠨ ᠮᠡᠳᠡᠭᠡ ᠪᠠᠷ ︽ᠫᠢᠩ ᠰᠦᠢ ᠵᠠᠮ ᠠᠴᠠ ᠬᠤᠶᠢᠰᠢᠬᠢ ᠲᠠᠯᠠᠨ ᠬᠠᠷ᠎ᠠ ᠠᠭᠤᠯᠠ ᠳᠠᠭᠠᠤ ᠪᠠᠶᠢᠭᠤᠯᠤᠭᠰᠠᠨ ᠫᠠᠷᠲ᠋ᠢᠽᠠᠨ ᠤ ᠰᠠᠭᠤᠷᠢᠨ ᠭᠠᠵᠠᠷ ᠲᠤᠶᠢᠯ ᠤᠨ ᠴᠢᠬᠤᠯᠠ︾ ᠭᠡᠵᠦ ᠵᠠᠷᠯᠢᠭ ᠪᠠᠭᠤᠯᠭᠠᠪᠠ᠃ ᠨᠠᠢᠮᠠᠳᠤᠭᠠᠷ ᠵᠠᠮ ᠤᠨ ᠴᠡᠷᠢᠭ ᠤᠨ120 ᠳ᠋ᠢᠸᠢᠽᠢ 358 ᠪᠠᠷᠢᠭᠠᠳᠠ ᠶᠢᠨ ᠤᠯᠤᠰ ᠲᠦᠷᠦ ᠶᠢᠨ ᠭᠡᠰᠢᠭᠦᠨ ᠯᠢ ᠵᠢᠩ ᠴᠢᠤᠸᠠᠨ᠂ ᠱᠲ᠋ᠠᠪ ᠤᠨ ᠳᠠᠷᠤᠭ᠎ᠠ ᠶᠣᠣ ᠵᠧ ᠢ ᠳᠠᠷᠠᠭᠠᠯᠠᠨ ᠲᠣᠮᠢᠯᠠᠵᠤ᠂ 715 ᠬᠤᠷᠢᠶ᠎ᠠ ᠪᠠ ᠳ᠋ᠢᠸᠢᠽᠢ ᠶᠢᠨ ᠰᠢᠭᠤᠳ ᠬᠠᠷᠢᠶ᠎ᠠ ᠮᠣᠷᠢᠲᠤ ᠴᠡᠷᠢᠭ ᠤᠨ ᠨᠢᠭᠡ ᠰᠤᠮᠤ ᠶᠢ ᠳᠠᠭᠠᠭᠤᠯᠤᠨ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢ ᠵᠣᠬᠢᠶᠠᠨ ᠪᠠᠶᠢᠭᠤᠯᠪᠠ᠃ ᠨᠠᠢᠮᠠᠳᠤᠭᠠᠷ ᠰᠠᠷ᠎ᠠ ᠳᠤ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠪᠣᠯᠣᠨ ᠫᠠᠷᠲ᠋ᠢᠽᠠᠨ ᠤ ᠳᠥᠷᠪᠡᠳᠦᠭᠡᠷ ᠰᠠᠯᠪᠤᠷᠢ ᠠᠩᠭᠢ᠂ ᠶᠡᠷᠦᠩᠬᠡᠢ ᠳᠠᠶᠢᠴᠢᠯᠠᠯᠠᠲᠠ ᠶᠢᠨ ᠵᠦᠪᠯᠡᠯ ᠵᠠᠷᠯᠢᠭ ᠢᠶᠠᠷ ᠳᠠᠯᠠᠨ ᠬᠠᠷ᠎ᠠ ᠠᠭᠤᠯᠠᠨ ᠳᠤ ᠭᠠᠪᠰᠢᠭᠠᠶᠢᠯᠠᠨ ᠣᠷᠣᠵᠤ᠂ ᠤᠳᠠᠯ ᠦᠭᠡᠢ ᠶᠠᠩ ᡁᠢ ᠯᠢᠨ᠂ ᠯᠢᠦ ᠬᠤᠩ ᠰᠢᠶᠦ᠋ᠩ᠂ ᠵᠢᠷᠭᠠᠯ᠂ ᠭᠤᠣ ᠹᠧᠩ ᠢᠩ ᠵᠡᠷᠭᠡ ᠨᠥᠬᠦᠳ ᠤᠨ ᠤᠳᠤᠷᠢᠳᠤᠭᠰᠠᠨ ᠮᠣᠩᠭᠤᠯ ᠬᠢᠲᠠᠳ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠲᠠᠢ ᠴᠡᠷᠢᠭ ᠨᠡᠶᠢᠯᠡᠭᠰᠡᠨ ᠪᠠᠶᠢᠨ᠎ᠠ᠃ ᠡᠭᠦᠨ ᠠᠴᠠ ᠡᠬᠢᠯᠡᠨ ᠳᠠᠯᠠᠨ ᠬᠠᠷ᠎ᠠ ᠠᠭᠤᠯᠠ ᠶᠢᠨ ᠡᠯ᠎ᠡ ᠪᠠᠷᠢᠭᠠᠳᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠪᠦᠯᠬᠦᠮᠳᠡᠨ ᠨᠢᠭᠡᠳᠴᠦ᠂ ᠬᠠᠷᠭᠢᠰ ᠳᠠᠶᠢᠰᠤᠨ ᠳᠤ ᠬᠠᠮᠲᠤ ᠪᠠᠷ ᠬᠤᠷᠣᠰᠴᠤ᠂ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠴᠢᠰᠤ ᠤᠷᠤᠰᠬᠠᠨ ᠠᠮᠢ ᠪᠡᠶ᠎ᠡ ᠪᠠᠨ ᠦᠷᠡᠭᠳᠡᠭᠦᠯᠵᠦ᠂ ᠶᠠᠫᠤᠨ ᠢ ᠡᠰᠡᠷᠭᠦᠴᠡᠬᠦ ᠲᠠᠶᠢᠨ ᠢ ᠲᠤᠶᠢᠯ ᠤᠨ ᠬᠠᠲᠠᠭᠤᠵᠢᠯᠲᠠᠢ  ᠥᠷᠨᠢᠭᠦᠯᠵᠦ᠂ ᠤᠷᠢᠳ ᠬᠤᠵᠢᠳ 1000 ᠭᠠᠷᠤᠢ ᠶᠠᠫᠤᠨ ᠢ ᠡᠰᠡᠷᠭᠦᠴᠡᠬᠦ ᠳᠠᠶᠢᠴᠢᠨ ᠪᠠᠶᠢᠯᠳᠤᠭᠴᠢᠳ ᠠᠷᠢᠭᠤᠨ ᠴᠢᠰᠤ ᠪᠠᠨ ᠳᠠᠯᠠᠨ ᠬᠠᠷ᠎ᠠ ᠠᠭᠤᠯᠠᠨ ᠤ ᠨᠤᠲᠤᠭ ᠳᠡᠪᠢᠰᠬᠡᠷ ᠳᠡᠭᠡᠷ᠎ᠡ ᠠᠰᠬᠠᠭᠰᠠᠨ ᠪᠠᠶᠢᠨ᠎ᠠ᠃      ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠲᠠᠶᠢᠨ ᠤ ᠳᠤᠮᠳᠠ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠶᠢᠨ ᠲᠥᠯᠥᠭᠡ᠂ 1966 ᠣᠨ ᠤ 11 ᠳ᠋ᠤᠭᠡᠷ ᠰᠠᠷ᠎ᠠ ᠳᠤ ᠦᠴᠦᠸᠠᠨ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠵᠡᠷᠯᠢᠭ ᠭᠤᠣᠯ ᠳᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ  ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠪᠠᠷ ᠰᠤᠳᠤᠯᠤᠨ ᠲᠣᠭᠲᠠᠭᠠᠪᠠ᠃ ᠶᠡᠷᠦᠩᠬᠡᠢ ᠲᠠᠯᠠᠪᠠᠶ ᠨᠢ 2400 ᠲᠡᠭᠰᠢ ᠳᠥᠷᠪᠡᠯᠵᠢᠨ ᠮᠧᠲᠷ ᠪᠠᠶᠢᠵᠤ᠂ ᠪᠤᠩᠬᠤᠨ ᠤ ᠬᠦᠷᠢᠶᠡᠯᠡᠩ ᠨᠢ ᠡᠮᠦᠨᠡᠰᠢ ᠬᠠᠨᠳᠤᠨ᠂ ᠨᠢᠭᠡᠨ ᠵᠢᠵᠢᠭ ᠠᠭᠤᠯᠠᠨ ᠬᠥᠲᠥᠯ ᠳᠡᠭᠡᠷ᠎ᠡ ᠪᠠᠶᠢᠷᠢᠰᠢᠵᠤ᠂ ᠳᠥᠷᠪᠡᠨ ᠲᠠᠯ᠎ᠠ ᠪᠠᠷ ᠢᠶᠠᠨ ᠠᠭᠤᠯᠠ ᠨᠢᠷᠤᠭᠤᠳ ᠢᠶᠠᠷ ᠬᠦᠷᠢᠶᠡᠯᠡᠭᠳᠡᠵᠦ᠂ ᠴᠢᠶᠠᠩ ᠫᠠᠨ ᠡᠾᠧ ᠭᠤᠣᠯ ᠤᠨ ᠳᠡᠭᠡᠳᠦ ᠤᠷᠤᠰᠬᠠᠯ ᠲᠣᠭᠤᠷᠢᠨ ᠤᠷᠤᠰᠴᠤ ᠥᠩᠭᠡᠷᠡᠳᠡᠭ᠃  ᠭᠤᠣᠯ ᠳᠤᠮᠳᠠ ᠨᠢ ᠲᠣᠭᠤᠰᠬ᠎ᠠ — ᠮᠣᠳᠣᠨ ᠬᠢᠴᠡ ᠲᠠᠢ ᠨᠠᠢᠮᠠᠨ ᠥᠨᠴᠥᠭᠲᠦ ᠳᠤᠷᠠᠰᠬᠠᠯ ᠤᠨ ᠲᠠᠭᠲᠤ ᠪᠠᠷᠢᠵᠤ᠂ ᠳᠠᠭᠲᠣ ᠶᠢᠨ ᠳᠤᠮᠳᠠ ᠨᠢ ᠥᠨᠳᠥᠷ ᠢᠶᠠᠷ ᠢᠶᠠᠨ 2 ᠮᠧᠲᠷ᠂ ᠥᠷᠭᠡᠨ ᠢᠶᠠᠷ ᠢᠶᠠᠨ 0.8 ᠮᠧᠲᠷ ᠪᠣᠯᠬᠤ ᠬᠤᠶᠠᠷ ᠴᠠᠭᠠᠨ ᠭᠠᠨᠳᠢᠭ ᠴᠢᠯᠠᠭᠤᠨ ᠬᠥᠰᠢᠶ᠎ᠡ ᠶᠢ ᠵᠡᠷᠭᠡᠴᠡᠭᠦᠯᠦᠨ ᠪᠠᠶᠢᠭᠤᠯᠵᠤ᠂ ᠬᠦᠰᠢᠶᠡᠨ ᠤ ᠭᠤᠣᠯ ᠳᠤᠮᠳᠠ ᠨᠢ ᠲᠣᠰᠪᠣᠷᠢ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠥᠨᠢᠳᠡ ᠪᠠᠯᠠᠷᠠᠰᠢ ᠦᠭᠡᠢ ᠪᠠ  ᠪᠠᠯᠠᠷᠠᠰᠢ ᠦᠭᠡᠢ ᠲᠡᠥᠭᠡ︾ ᠭᠡᠬᠦ ᠬᠥᠰᠢᠶᠡᠨ ᠤ ᠪᠢᠴᠢᠭᠡᠰᠦ ᠶᠢ ᠰᠡᠶᠢᠯᠵᠡᠢ᠃ 1986 ᠣᠨ ᠤ 6 ᠳ᠋ᠤᠭᠠᠷ ᠰᠠᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠠᠴᠠ ᠵᠣᠭᠤᠰ ᠴᠤᠭᠯᠠᠭᠤᠯᠵᠤ᠂ ᠪᠤᠩᠬᠤᠨ ᠤ ᠬᠦᠷᠢᠶᠡᠯᠡᠩ ᠢ ᠥᠷᠭᠡᠳᠬᠡᠨ ᠪᠠᠶᠢᠭᠤᠯᠵᠤ᠂ ᠳᠤᠷᠠᠰᠬᠠᠯ ᠤᠨ ᠬᠥᠰᠢᠶ᠎ᠡ ᠨᠡᠮᠡᠵᠦ ᠪᠠᠶᠢᠭᠤᠯᠤᠨ᠂ ᠸᠠᠭᠠᠷ ᠲᠣᠭᠤᠰᠬ᠎ᠠ ᠪᠠᠷ ᠬᠦᠷᠢᠶ᠎ᠡ ᠬᠡᠷᠡᠮ  ᠪᠠᠷᠢᠪᠠ᠃1995 ᠣᠨ ᠳᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠰᠢᠶᠠᠨ ᠤ  ᠳᠡᠰ ᠤᠨ ᠤᠯᠤᠰ ᠢᠶᠠᠨ ᠬᠠᠶᠢᠷᠠᠯᠠᠬᠤ  ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠦᠵᠦ᠂ 2009 — 2010 ᠣᠨ ᠳᠤ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠳᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠪᠡ᠂ 2009 ᠣᠨ ᠤ 10 ᠳ᠋ᠤᠭᠠᠷ ᠰᠠᠷ᠎ᠠ ᠳᠤ ᠰᠢᠶᠠᠨ ᠤ ᠳᠡᠰ ᠤᠨ ᠭᠤᠣᠯᠳᠠᠯᠭ᠎ᠠ ᠲᠠᠢ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠪᠠᠷᠢᠯᠭ᠎ᠠ ᠶᠢᠨ ᠬᠠᠮᠠᠭᠠᠯᠠᠯᠲᠠ ᠶᠢᠨ ᠨᠢᠭᠡᠴᠡ ᠶᠢᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠨᠢᠭᠡᠳᠦᠯᠲᠡᠢ ᠬᠠᠮᠠᠭᠠᠯᠠᠯᠲᠠ ᠶᠢᠨ ᠲᠡᠮᠳᠡᠭ ᠲᠠᠯᠪᠢᠵᠠᠢ᠃ 2014 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠬᠤᠳᠠ ᠶᠢᠨ ᠲᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠵᠦ᠂ 2014 ᠣᠨ ᠤ 4 ᠳ᠋ᠤᠭᠡᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠨᠠᠮ ᠤᠨ ᠲᠡᠦᠬᠡ ᠰᠤᠳᠤᠯᠬᠤ ᠲᠠᠰᠤᠬ ᠠᠴᠠ ᠥᠪᠥᠷ ᠮᠣᠩᠭᠤᠯ ᠤᠨ ᠨᠠᠮ ᠤᠨ ᠲᠡᠥᠬᠡ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠨᠡᠷᠡᠶᠢᠳᠦᠪᠡ᠃ 2015 ᠣᠨ ᠳᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠣᠯᠣᠭᠰᠠᠨ 70 ᠵᠢᠯ ᠤᠨ ᠣᠶ ᠳᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠭᠠᠪᠤᠷᠢ ᠶᠢᠨ ᠵᠣᠷᠢᠭ ᠰᠠᠨᠠᠭ᠎ᠠ ᠪᠠᠷ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠪᠦᠬᠦᠯᠢ ᠴᠣᠭᠴᠠ ᠪᠠᠷ ᠨᠢ ᠥᠷᠭᠡᠳᠬᠡᠨ ᠪᠠᠶᠢᠭᠤᠯᠵᠤ᠂ ᠳᠤᠷᠠᠰᠬᠠᠯ ᠤᠨ ᠬᠥᠰᠢᠶ᠎ᠡ᠂ ᠵᠠᠳᠠᠭᠠᠢ ᠲᠠᠭᠲᠤ᠂ ᠪᠤᠩᠬᠤᠨ ᠤ ᠬᠦᠷᠢᠶᠡᠯᠡᠩ ᠤᠨ ᠬᠦᠷᠢᠶ᠎ᠡ ᠬᠡᠷᠡᠮ᠂ ᠵᠣᠷᠯᠣᠩ᠂ ᠲᠡᠷᠭᠡᠨ ᠵᠣᠭᠰᠣᠭᠠᠯ ᠢ ᠰᠡᠯᠪᠢᠨ ᠵᠠᠰᠠᠵᠤ ᠥᠷᠭᠡᠳᠬᠡᠨ ᠪᠠᠶᠢᠭᠤᠯᠵᠤ᠂ ᠪᠤᠩᠬᠤᠨ ᠤ ᠬᠦᠷᠢᠶᠡᠯᠡᠩ ᠤᠨ ᠳᠣᠲᠣᠷ᠎ᠠ ᠭᠠᠳᠠᠨᠠᠬᠢ ᠵᠠᠮ ᠢ ᠬᠠᠲᠠᠭᠤᠷᠠᠭᠤᠯᠵᠤ᠂ ᠭᠤᠶᠤᠵᠢᠭᠤᠯᠵᠤ᠂ ᠭᠡᠷᠡᠯᠲᠦᠭᠦᠯᠵᠦ᠂ 500 ᠲᠡᠭᠰᠢ ᠳᠥᠷᠪᠡᠯᠵᠢᠨ ᠮᠧᠲᠷ ᠤᠨ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠭᠰᠡᠨ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠣᠷᠳᠣᠨ ᠪᠠ 12 ᠦᠷᠡᠭᠳᠡᠭᠰᠡᠨ ᠪᠠᠭᠠᠲᠤᠷ ᠤᠨ ᠪᠤᠩᠬᠤᠨ ᠢ ᠰᠢᠨ᠎ᠡ ᠪᠠᠷ ᠪᠠᠶᠢᠭᠤᠯᠵᠤ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠲᠣᠪᠴᠢ ᠲᠠᠨᠢᠯᠴᠠᠭᠤᠯᠭ᠎ᠠ᠂ ᠪᠡᠯᠭᠡ ᠲᠡᠮᠳᠡᠭ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠭᠦᠳᠦᠭᠦᠷ ᠰᠡᠶᠢᠯᠦᠮᠡᠯ᠂ ᠪᠤᠩᠬᠤᠨ ᠤ ᠦᠵᠡᠭᠦᠯᠦᠯᠭᠡ ᠶᠢᠨ ᠲᠢᠩᠭᠢᠮ ᠵᠡᠷᠭᠡ ᠶᠢ ᠰᠢᠨ᠎ᠡ ᠪᠠᠷ ᠪᠠᠶᠢᠭᠤᠯᠪᠠ᠃  2016 ᠣᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠪᠡ᠃   ᠢᠷᠡᠯᠲᠡ᠄ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ