︵ᠰᠤᠷᠪᠤᠯᠵᠢᠯᠠᠭᠴᠢ ᠶᠠᠩ ᠼᠠᠢ ᠰᠢᠶᠠ︶ 7 ᠳ᠋ᠤᠭᠠᠷ ᠰᠠᠷ᠎ᠠ ᠶᠢᠨ 31 ᠤ ᠡᠳᠦᠷ᠂ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠥᠷ | ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠨᠢᠦ ᠰᠦ ᠶᠢᠨ | ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠡᠷᠭᠢᠯᠡᠭᠰᠡᠨ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ 8 | ᠳ᠋ᠤᠭᠠᠷ ᠰᠠᠷ᠎ᠠ ᠶᠢᠨ 4 ᠤ ᠡᠳᠦᠷ ᠠᠴᠠ 7 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠬᠤ ᠪᠣᠯᠣᠨ᠎ᠠ᠃ ᠶᠡᠭᠡ ᠬᠤᠷᠠᠯ ᠨᠢ ︽ᠰᠢᠨ᠎ᠡ ᠶᠢ ᠡᠭᠦᠳᠬᠦ | ᠬᠠᠮᠲᠤᠷᠠᠯᠴᠠᠭ᠎ᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠳᠡᠯᠡᠬᠡᠢ ᠶᠢᠨ ᠰᠦ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ︾ ᠪᠠᠷ ᠭᠤᠣᠯ ᠰᠡᠳᠦᠪ ᠪᠣᠯᠭᠠᠪᠠ᠃ | ᠶᠡᠭᠡ ᠬᠤᠷᠠᠯ ᠠᠴᠠ ︽ᠶᠡᠭᠡ ᠬᠤᠷᠠᠯ ᠤᠨ ᠡᠬᠢᠯᠡᠯᠲᠡ᠂ ᠲᠦᠷᠦᠯ ᠵᠦᠢᠯ ᠢ ᠲᠣᠭᠤᠷᠢᠨ ᠦᠵᠡᠬᠦ᠂ ᠬᠥᠭᠵᠢᠯᠲᠡ ᠶᠢᠨ ᠶᠠᠷᠢᠶᠠᠨ ᠤ ᠲᠠᠪᠴᠠᠩ᠂ ᠠᠵᠤ | ᠦᠢᠯᠡᠰ ᠤᠨ ᠦᠵᠡᠰᠬᠦᠯᠡᠩ᠂ ᠬᠤᠳᠠᠯᠳᠤᠭᠠᠴᠢᠨ ᠣᠷᠢᠵᠣ ᠲᠠᠨᠢᠯᠴᠠᠭᠤᠯᠬᠤ︾ ᠵᠡᠷᠭᠡ 5 ᠶᠡᠭᠡ ᠰᠢᠷᠢᠰ ᠠᠵᠢᠯᠯᠠᠭ᠎ᠠ ᠶᠢ ᠡᠷᠬᠢᠯᠡᠬᠦ ᠪᠠᠷ ᠪᠤᠢ᠃ ᠡᠬᠢᠯᠡᠯᠲᠡ ᠶᠢᠨ | ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠭᠡᠮᠯᠢᠭ ᠠᠴᠠ ᠬᠥᠬᠡᠬᠤᠲᠠ ᠳᠤ ︽ᠳᠤᠮᠳᠠᠳᠤ ᠤᠯᠤᠰ ᠤᠨ ᠰᠦ ᠶᠢᠨ ᠦᠢᠯᠡᠰ ᠤᠨ | ᠡᠭᠦᠯᠳᠡᠷ ᠪᠣᠶᠢᠵᠢᠭᠤᠯᠬᠤ ᠬᠤᠲᠠ︾ ᠶᠢᠨ ᠴᠣᠯᠠ ᠣᠯᠭᠤᠨ᠎ᠠ︔ ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭ᠎ᠠ ᠠᠴᠠ | ᠬᠥᠬᠡᠬᠤᠲᠠ ᠳᠤ ︽ᠳᠡᠯᠡᠬᠡᠢ ᠶᠢᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ᠶᠢᠨ ᠴᠣᠯᠠ ᠣᠯᠭᠤᠨ᠎ᠠ︔ ᠤᠯᠤᠰ ᠤᠨ ᠰᠦ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠡᠬᠢᠯᠡᠵᠦ ᠠᠵᠢᠯᠯᠠᠨ᠎ᠠ᠃ ᠲᠦᠷᠦᠯ ᠵᠦᠢᠯ ᠤᠨ ᠦᠵᠡᠭᠦᠯᠦᠯᠭᠡ ᠨᠢ ︽ᠰᠢᠷᠬᠡᠭ | ᠡᠪᠡᠰᠦ ᠠᠴᠠ ᠴᠣᠮᠣ ᠰᠦ ᠬᠦᠷᠲᠡᠯᠡᠬᠢ︾ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠣᠭᠤᠷᠢᠨ ᠳᠤ᠂ ᠤᠯᠤᠰ ᠤᠨ ᠰᠦ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠯᠢ ᠶᠢᠨ ᠪᠦᠬᠦ ᠪᠥᠮᠪᠥᠷᠴᠡᠭ ᠤᠨ ᠰᠦ ᠶᠢᠨ ᠦᠢᠯᠡᠰ ᠤᠨ ᠣᠶᠤᠨᠴᠢ ᠦᠢᠯᠡᠳᠬᠦ ᠬᠡᠪ ᠳᠠᠭᠤᠷᠢᠶᠠᠯ ᠤᠨ ᠰᠠᠭᠤᠷᠢᠨ | ᠭᠠᠵᠠᠷ᠂ ᠴᠡᠯᠡᠭᠡᠷ ᠲᠠᠯ᠎ᠠ ᠠᠮᠢ ᠠᠬᠤᠢ ᠶᠢᠨ ᠣᠶᠤᠨᠲᠤ ᠮᠠᠯᠵᠢᠯ ᠤᠨ ᠲᠠᠯᠠᠪᠠᠢ ᠶᠢ ᠲᠣᠭᠤᠷᠢᠨ ᠦᠵᠡᠨ᠎ᠡ᠃ ᠲᠣᠭᠠᠴᠢᠯᠠᠭᠰᠠᠨ ᠣᠶᠣᠨᠴᠢᠯᠠᠭᠰᠠᠨ ᠰᠦ ᠶᠢᠨ | ᠦᠢᠯᠡᠰ ᠤᠨ ᠬᠥᠭᠵᠢᠯᠲᠡ᠂ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ᠂ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ᠂ ᠣᠯᠠᠨ ᠤᠯᠤᠰ ᠤᠨ ᠬᠠᠮᠲᠤᠷᠠᠯᠴᠠᠭ᠎ᠠ᠂ ᠴᠠᠭᠠᠨ ᠢᠳᠡᠭᠡᠨ ᠤ ᠠᠵᠢᠯ ᠲᠥᠷᠥᠯ ᠤᠨ ᠣᠯᠠᠨ ᠤᠯᠤᠰ ᠤᠨ ᠠᠷᠠᠯᠵᠢᠶ᠎ᠠ ᠵᠡᠷᠭᠡ ᠬᠦᠷᠢᠶᠡᠨ ᠤ | ᠲᠣᠭᠤᠷᠢᠨ ᠳᠤ 5 ᠶᠠᠷᠢᠯᠴᠠᠭᠠᠨ ᠤ ᠲᠠᠪᠴᠠᠩ ᠡᠷᠬᠢᠯᠡᠨ᠎ᠡ᠃ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠵᠡᠭᠦᠯᠦᠯᠭᠡ ᠶᠢᠨ | ᠴᠤᠭᠯᠠᠭᠠᠨ ᠢᠶᠠᠷ ᠦᠵᠡᠭᠦᠯᠭᠡ ᠳᠤ ᠣᠷᠣᠯᠴᠠᠬᠤ 300 ᠬᠤᠳᠠᠯᠳᠤᠭᠠᠴᠢᠨ ᠲᠦᠭᠦᠬᠡᠢ ᠰᠦ᠂ ᠡᠳ᠋ᠰᠢᠭᠦᠯᠬᠦ ᠮᠠᠰᠢᠨ᠂ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ᠂ | ᠨᠠᠶᠢᠷᠠᠯᠭ᠎ᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ᠂ ᠦᠢᠯᠡᠳᠬᠦᠨ ᠢ ᠮᠥᠷᠳᠡᠬᠦ ᠰᠢᠰᠲ᠋ᠧᠮᠵᠢ ᠵᠡᠷᠭᠡ 6 ᠲᠠᠯ᠎ᠠ ᠪᠠᠷ ᠲᠥᠪᠯᠡᠷᠡᠭᠦᠯᠦᠨ | ᠳᠡᠯᠭᠡᠨ ᠦᠵᠡᠭᠦᠯᠦᠨ᠎ᠡ᠃ ᠬᠤᠳᠠᠯᠳᠤᠭᠠᠴᠢᠨ ᠣᠷᠢᠵᠣ ᠲᠠᠨᠢᠯᠴᠠᠭᠤᠯᠬᠤ ᠴᠤᠭᠯᠠᠭᠠᠨ ᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠬᠥᠬᠡᠬᠤᠲᠠ᠂ ᠲᠦᠩᠯᠢᠶᠣᠣ ᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ | ᠭᠤᠣᠯ ᠠᠶᠢᠮᠠᠭ ᠠᠴᠠ ᠰᠦ ᠶᠢᠨ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠤᠳᠠᠯᠳᠤᠭᠠᠴᠢᠨ ᠣᠷᠢᠵᠣ | ᠲᠠᠨᠢᠯᠴᠠᠭᠤᠯᠬᠤ ᠶᠢᠨ ᠬᠠᠮᠲᠤ ᠲᠥᠪᠯᠡᠷᠡᠭᠦᠯᠦᠨ ᠭᠡᠷ᠎ᠡ ᠲᠣᠭᠲᠠᠨ᠎ᠠ᠃ | ᠲᠣᠰ ᠤᠳᠠᠭᠠᠨ ᠤ ᠶᠡᠭᠡ ᠬᠤᠷᠠᠯ ᠳᠤ ᠳᠡᠯᠡᠬᠡᠢ ᠶᠢᠨ ᠰᠦ ᠶᠢᠨ ᠦᠢᠯᠡᠰ ᠤᠨ 10 ᠬᠦᠴᠦᠷᠬᠡᠭ ᠠᠵᠤ ᠠᠬᠤᠶᠢᠯᠠᠯ᠂ ᠤᠯᠤᠰ ᠤᠨ ᠳᠣᠲᠣᠭᠠᠳᠤ ᠶᠢᠨ | ᠰᠦ ᠶᠢᠨ ᠦᠢᠯᠡᠰ ᠤᠨ 20 ᠬᠦᠴᠦᠷᠬᠡᠭ ᠠᠵᠤ ᠠᠬᠤᠶᠢᠯᠠᠯ᠂ ᠣᠯᠠᠨ ᠤᠯᠤᠰ ᠤᠨ ᠠᠵᠤ ᠦᠢᠯᠡᠰ ᠤᠨ ᠬᠡᠯᠬᠢᠶ᠎ᠡ ᠶᠢᠨ ᠨᠠᠷᠠᠲᠤ ᠠᠵᠤ ᠠᠬᠤᠶᠢᠯᠠᠯ᠂ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠬᠦᠨᠳᠦᠲᠦ ᠵᠣᠴᠢᠨ᠂ ︽ᠬᠤᠶᠠᠷ ᠬᠦᠷᠢᠶᠡᠯᠡᠩ︾ ᠤᠨ ᠠᠺᠠᠳᠧᠮᠢᠴᠢ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠨ ᠢ | ᠤᠷᠢᠵᠤ ᠣᠷᠣᠯᠴᠠᠭᠤᠯᠤᠨ᠎ᠠ᠃ |