ᠲᠦᠮᠡᠳ ᠵᠡᠭᠦᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠦᠶᠡᠷ ᠢ ᠰᠡᠷᠭᠡᠶᠢᠯᠡᠵᠦ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠬᠢᠪᠡ
ᠨᠡᠶᠢᠲᠡᠯᠡᠭᠰᠡᠨ ᠴᠠᠭ᠄
2023/8/10
      b.jpg
      ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠶᠢ ᠵᠣᠬᠢᠶᠠᠨ ᠪᠠᠶᠢᠭᠤᠯᠵᠤ ᠦᠶᠡᠷ ᠢ ᠰᠡᠷᠭᠡᠶᠢᠯᠡᠵᠦ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃ ᠴᠠᠭᠠᠨ ᠴᠢᠯᠠᠭᠤᠲᠤ ᠭᠤᠤ ᠪᠣᠯᠣᠨ ᠾᠥᠸᠧ ᠵᠠᠢ ᠭᠧᠦ ᠣᠷᠣᠨ ᠳᠤ ᠨᠡᠶᠢᠳᠡᠮ ᠠᠭᠠᠳᠠᠷ ᠪᠣᠷᠣᠭᠠᠨ ᠣᠷᠣᠵᠤ᠂ ᠴᠥᠭᠦᠷᠥᠮ ᠤᠨ ᠤᠰᠤᠨ ᠲᠦᠪᠰᠢᠨ ᠲᠦᠷᠭᠡᠨ ᠢᠶᠠᠷ ᠳᠡᠭᠡᠭᠰᠢᠯᠡᠵᠦ᠂ ᠦᠶᠡᠷ ᠪᠣᠯᠬᠤ ᠤᠰᠤᠨ ᠲᠦᠪᠰᠢᠨ ᠳᠤ ᠣᠶᠢᠷᠠᠲᠤᠭᠰᠠᠨ ᠢᠶᠠᠷ ᠰᠣᠷᠢᠯᠲᠠ ᠬᠢᠵᠡᠢ᠃ ᠵᠠᠷᠯᠢᠭ ᠢ ᠣᠯᠣᠭᠰᠠᠨ ᠤ ᠳᠠᠷᠠᠭ᠎ᠠ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠲᠡᠷᠡ ᠳᠠᠷᠤᠢ ᠳᠤᠨᠢ ᠲᠤᠬᠠᠢ ᠶᠢᠨ ᠲᠠᠯᠠᠪᠠᠶ ᠳᠤ ᠬᠦᠷᠴᠦ᠂ ᠳᠡᠩᠨᠡᠨ ᠪᠠᠶᠢᠴᠠᠭᠠᠵᠤ ᠡᠷᠢᠵᠦ ᠠᠪᠤᠷᠠᠬᠤ᠂ ᠤᠰᠤᠨ ᠳᠡᠭᠡᠷ᠎ᠡ ᠠᠪᠤᠷᠠᠨ ᠲᠤᠰᠠᠯᠠᠬᠤ᠂ ᠬᠠᠰᠢᠯᠭ᠎ᠠ ᠶᠢ ᠪᠠᠬᠢᠯᠡᠵᠦ ᠠᠶᠤᠯ ᠠᠴᠠ ᠠᠪᠤᠷᠠᠬᠤ ᠪᠠ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠰᠢᠯᠵᠢᠭᠦᠯᠬᠦ ᠵᠡᠷᠭᠡ ᠬᠢᠴᠢᠶᠡᠯ ᠲᠥᠷᠥᠯ ᠤᠨ ᠲᠣᠭᠤᠷᠢᠨ ᠳᠤ ᠤᠰᠤ ᠬᠠᠭᠤᠷᠠᠢ ᠶᠢᠨ ᠶᠡᠷᠦᠩᠬᠡᠶᠢᠯᠡᠭᠰᠡᠨ ᠰᠣᠷᠢᠯᠲᠠ ᠬᠢᠵᠡᠢ᠃ ᠲᠣᠰ ᠤᠳᠠᠭᠠᠨ ᠤ ᠰᠣᠷᠢᠯᠲᠠ ᠳᠤ ᠭᠤᠣᠯ ᠬᠦᠴᠦᠨ ᠡᠷᠦᠬᠡ ᠶᠢᠨ ᠴᠡᠷᠢᠭ ᠤᠨ ᠦᠶᠡᠷ ᠢ ᠰᠡᠷᠭᠡᠶᠢᠯᠡᠬᠦ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠴᠢᠳᠠᠪᠤᠷᠢ ᠶᠢ ᠴᠤ ᠨᠡᠮᠡᠭᠳᠡᠭᠦᠯᠦᠭᠰᠡᠨ ᠪᠠᠶᠢᠨ᠎ᠠ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ     ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ