ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠣᠯᠠᠨ ᠠᠷᠭ᠎ᠠ ᠬᠡᠮᠵᠢᠶ᠎ᠡ ᠠᠪᠴᠤ᠂ ᠴᠤᠪᠤᠷᠠᠯ ᠢ ᠳᠥᠭᠦᠮᠴᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ︾ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠥᠬᠦ ᠶᠠᠪᠤᠴᠠ ᠳᠤ ᠡᠯᠧᠺᠲᠷᠤᠨᠴᠢᠯᠡᠭᠰᠡᠨ ᠳᠡᠩᠰᠡᠯᠡᠯᠲᠡ ᠶᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2023/8/11
      ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠬᠤ ᠵᠥᠪᠰᠢᠶᠡᠷᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠬᠦ ᠶᠢᠨ ᠲᠦᠯᠦᠭᠡ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠣᠰ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠶᠢ ᠰᠢᠭᠢᠳᠬᠡᠨ ᠣᠷᠣᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠥᠨᠳᠥᠷ ᠪᠦᠲᠦᠮᠵᠢᠲᠡᠶ᠂ ᠨᠠᠩ ᠲᠥᠬᠦᠮ ᠪᠠᠶᠢᠬᠤ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠠᠰᠠᠷᠠᠭᠴᠢ ᠮᠠᠶ᠋ᠢᠭ ᠤᠨ᠂ ︽ᠨᠢᠭᠡ ᠳᠤ ᠨᠢᠭᠡ︾᠂ ︽ᠴᠢᠩ ᠰᠡᠳᠬᠢᠯ ᠠᠴᠠ ᠪᠠᠨ︾ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠦᠢᠯᠡᠴᠢᠯᠡᠭᠡ ᠬᠠᠩᠭᠠᠬᠤ ᠪᠠᠷ ᠳᠡᠮᠵᠢᠨ᠂ ᠮᠠᠨ ᠤ ᠲᠤᠭᠤᠷᠢᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠦᠷᠭᠡᠨ ᠨᠡᠮᠡᠭᠳᠡᠬᠦ ᠶᠢ ᠠᠬᠢᠭᠤᠯᠤᠨ᠎ᠠ᠃      ᠰᠦᠯᠵᠢᠶᠡᠨ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠰᠦᠯᠵᠢᠶᠡᠨ ᠳᠡᠭᠡᠷ᠎ᠡ ᠮᠡᠳᠡᠭᠦᠯᠬᠦ ᠲᠠᠪᠴᠠᠩ︶︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠢ ᠨᠡᠪᠲᠡᠷᠡᠭᠦᠯᠵᠦ᠂ ᠪᠥᠬᠦ ᠶᠠᠪᠤᠴᠠ ᠳᠤ ᠡᠯᠧᠺᠲᠷᠣᠨ ᠢᠶᠠᠷ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠵᠠᠭᠪᠤᠷ ᠢ ᠪᠠᠶᠠᠯᠢᠭᠵᠢᠭᠤᠯᠤᠨ᠂ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠣᠶᠤᠨᠴᠢ ᠪᠠᠷ ᠳᠠᠩᠰᠠᠯᠠᠬᠤ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠬᠢᠨᠠᠨ ᠵᠥᠪᠰᠢᠶᠡᠷᠡᠬᠦ ᠦᠵᠦᠭᠦᠷ ᠤᠨ ᠢᠨᠲ᠋ᠧᠷ ᠰᠦᠯᠵᠢᠶ᠎ᠡ ᠪᠠᠷ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠣᠯᠠᠨ ᠠᠷᠭ᠎ᠠ ᠬᠡᠮᠵᠢᠶ᠎ᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠡᠯᠧᠺᠲᠷᠤᠨᠴᠢᠯᠡᠭᠰᠡᠨ ᠳᠠᠩᠰᠠᠯᠠᠬᠤ ᠥᠭᠡᠷᠡᠴᠢᠯᠡᠯᠲᠡ ᠶᠢᠨ ᠡᠷᠴᠢᠮ ᠢ ᠲᠦᠷᠭᠡᠳᠬᠡᠨ ᠠᠬᠢᠭᠤᠯᠤᠨ᠎ᠠ᠃       ᠨᠢᠭᠡ ᠳᠤ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠸᠢᠴᠠᠲ ᠤᠨ ᠪᠦᠯᠦᠭ᠂ ᠨᠡᠶᠢᠲᠡ ᠶᠢᠨ ᠳ᠋ᠤᠭᠠᠷ ᠵᠢᠴᠢ ᠰᠦᠯᠵᠢᠶᠡᠨ ᠠᠴᠠ ᠭᠠᠳᠠᠭᠤᠷ ᠨᠢᠭᠤᠷᠲᠠᠨ ᠬᠦᠢᠴᠡᠳᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠣᠯᠠᠨ ᠲᠦᠮᠡᠨ ᠳᠤ ᠤᠯᠠᠮᠵᠢᠯᠠᠯᠲᠤ ᠴᠤᠩᠬᠤᠨ ᠳᠡᠭᠡᠷ᠎ᠡ ᠭᠦᠢᠴᠡᠳᠭᠡᠵᠦ ᠪᠠᠶᠢᠭᠰᠠᠨ ᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠭᠡᠬᠦ ᠪᠣᠯᠭᠠᠨ ᠬᠤᠪᠢᠷᠠᠭᠤᠯᠬᠤ ᠰᠢᠨ᠎ᠡ ᠣᠶᠢᠯᠠᠭᠠᠭᠳᠠᠬᠤᠨ ᠢ ᠤᠬᠠᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠳᠡᠩᠰᠡᠯᠡᠯᠲᠡ ᠶᠢᠨ ᠲᠥᠬᠦᠮ ᠴᠢᠨᠠᠷ ᠪᠠ ᠠᠵᠢᠯᠯᠠᠬᠤ ᠠᠷᠭ᠎ᠠ ᠶᠢ ᠭᠦᠢᠴᠡᠳ ᠣᠶᠢᠯᠠᠭᠠᠭᠤᠯᠵᠤ᠂ ᠣᠯᠠᠨ ᠲᠦᠮᠡᠨ ᠤ ᠰᠦᠯᠵᠢᠶᠡᠨ ᠳᠡᠭᠡᠷ᠎ᠡ ᠳᠠᠩᠰᠠᠯᠠᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠦᠨ᠂ ︽ᠨᠢᠭᠤᠷᠳᠠᠨ ᠭᠦᠢᠴᠡᠳᠭᠡᠵᠦ︾ ᠪᠠᠶᠢᠭᠰᠠᠨ ᠠᠴᠠ ᠪᠠᠨ ︽ᠰᠦᠯᠵᠢᠶ᠎ᠡ︾ ᠪᠠᠷ ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠤᠨ ᠴᠢᠬᠤᠯᠠ ᠶᠡᠭᠡ ᠬᠤᠪᠢᠷᠠᠯᠲᠠ ᠶᠢ ᠠᠬᠢᠭᠤᠯᠵᠤ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷ᠎ᠡ ᠳᠠᠩᠰᠠᠯᠠᠬᠤ ᠂ ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠬᠦᠷᠦᠭᠦᠯᠦᠨ᠎ᠡ᠃      ᠬᠤᠶᠠᠷ ᠲᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ︽ᠥᠪᠡᠰᠦᠪᠡᠨ ᠦᠢᠯᠡᠴᠢᠯᠡᠬᠦ ᠦᠢᠯᠡᠴᠢᠯᠡᠭᠡ︾ ᠬᠠᠩᠭᠠᠵᠤ᠂ ᠥᠪᠡᠰᠦᠪᠡᠨ ᠦᠢᠯᠡᠴᠢᠯᠡᠬᠦ ᠲᠣᠭᠤᠷᠢᠭ ᠲᠤ ᠢᠨᠲ᠋ᠧᠷ ᠰᠦᠯᠵᠢᠶᠡᠨ ᠤ ᠺᠣᠮᠫᠢᠦ᠋ᠲ᠋ᠧᠷ᠂ ᠢᠯᠡ ᠨᠡᠶᠢᠲᠡᠯᠡᠬᠦ ᠲᠠᠪᠴᠠᠩ ᠤᠨ ᠠᠵᠢᠯᠯᠠᠭᠠᠨ ᠤ ᠴᠤᠪᠤᠷᠠᠯ ᠢ ᠳᠣᠭᠢᠷᠠᠭᠤᠯᠵᠤ᠂ ᠲᠤᠰᠬᠠᠶ ᠬᠥᠮᠦᠨ ᠳᠣᠭᠢᠷᠠᠭᠤᠯᠤᠨ ᠦᠢᠯᠡᠴᠢᠯᠡᠭᠡᠨ ᠤ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠶᠢ ᠬᠠᠷᠢᠭᠤᠴᠠᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠭᠡᠭᠡᠨ ᠡᠷᠭᠢᠯᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠣᠯᠠᠨ ᠲᠦᠮᠡᠨ ᠳᠤ ᠵᠢᠩᠬᠢᠨᠢ ᠪᠣᠳᠠᠲᠤ ᠠᠰᠢᠭ ᠪᠠ ᠲᠥᠬᠦᠮ ᠦᠵᠡᠭᠦᠯᠦᠨ᠎ᠡ᠃      ᠭᠤᠷᠪᠠ ᠳᠤ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠢᠯᠲᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠪᠠ ᠦᠢᠯᠡᠴᠢᠯᠡᠭᠡᠨ ᠤ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠴᠤᠪᠤᠷᠠᠯ ᠨᠢ ᠰᠢᠯᠢᠳᠡᠭ᠂ ᠭᠤᠭᠴᠤᠭ᠎ᠠ ᠨᠢ ᠴᠥᠭᠡᠨ᠂ ᠴᠠᠭ ᠨᠢ ᠣᠬᠤᠷ᠂ ᠦᠷ᠎ᠡ ᠪᠦᠲᠦᠮᠵᠢ ᠨᠢ ᠥᠨᠳᠥᠷ᠂ ᠦᠢᠯᠡᠴᠢᠯᠡᠭᠡ ᠨᠢ ᠰᠠᠶᠢᠨ ᠲᠡᠷᠢᠭᠦᠨ ᠤ ᠪᠦᠯᠬᠦᠮ ᠨᠡᠶᠢᠲᠡ ᠶᠢ ᠴᠢᠷᠮᠠᠶᠢᠨ ᠪᠣᠶ ᠪᠣᠯᠭᠠᠵᠤ᠂ ᠲᠤᠬᠠᠶ ᠶᠢᠨ ᠲᠠᠯᠠᠪᠤᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠂ ᠠᠵᠢᠯ ᠢᠶᠠᠨ ᠬᠤᠪᠢᠶᠠᠷᠢᠯᠠᠨ ᠠᠬᠢᠭᠤᠯᠬᠤ ᠵᠠᠭᠪᠤᠷ ᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠨᠠᠩ ᠬᠠᠯᠠᠭᠤᠨ ᠳᠤᠯᠠᠭᠠᠨ᠂ ᠨᠠᠩ ᠦᠷ᠎ᠡ ᠪᠦᠲᠦᠮᠵᠢ ᠲᠠᠢ ᠪᠣᠯᠭᠠᠨ᠎ᠠ᠃      2023 ᠣᠨ ᠤ ᠭᠤᠷᠪᠠᠳᠤᠭᠠᠷ ᠤᠯᠠᠷᠢᠯ ᠠᠴᠠ ᠨᠠᠭᠠᠰᠢ᠂ ᠮᠠᠨ ᠤ ᠲᠤᠭᠤᠷᠢᠭ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠪᠥᠬᠦ ᠶᠠᠪᠤᠴᠠ ᠳᠤ ᠡᠯᠧᠺᠲ᠋ᠤᠷᠤᠨᠴᠢᠯᠡᠬᠦ ᠪᠠᠷ ᠳᠠᠮᠵᠢᠭᠤᠯᠤᠨ 7000 ᠭᠠᠷᠤᠶ ᠬᠤᠪᠢ ᠭᠦᠢᠴᠡᠳᠭᠡᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠦᠨᠡᠨ ᠪᠣᠳᠠᠲᠠᠶ ᠲᠥᠬᠦᠮ ᠦᠵᠡᠭᠦᠯᠵᠦ᠂ ᠥᠷᠭᠡᠨ ᠣᠯᠠᠨ ᠲᠦᠮᠡᠨ ᠤ ᠬᠠᠮᠲᠤ ᠶᠢᠨ ᠮᠠᠭᠲᠠᠭᠠᠯ ᠰᠠᠶᠢᠰᠢᠶᠠᠯ ᠢ ᠤᠯᠪᠠ᠃      ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠶᠠᠪᠤᠴᠠ ᠶᠢᠨ ᠡᠯᠧᠺᠲᠷᠤᠨᠴᠢᠯᠡᠭᠰᠡᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠪᠣᠯᠬᠤ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠢᠶᠠᠷ ᠣᠷᠣᠯᠴᠠᠭᠰᠠᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ᠂ ᠰᠢᠨ᠎ᠡ ᠮᠠᠶ᠋ᠢᠭ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠳᠠᠪᠤᠷᠢ ᠣᠯᠭᠤᠵᠤ᠂ ᠪᠠᠷᠢᠮᠵᠢᠶ᠎ᠠ ᠶᠢᠨ ᠴᠤᠪᠤᠷᠠᠯ ᠢ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠢ ᠠᠵᠢᠯ ᠶᠠᠪᠤᠳᠠᠯ ᠭᠦᠢᠴᠡᠳᠭᠡᠬᠦ ᠳᠤ ᠨᠠᠩ ᠰᠠᠨᠠᠭ᠎ᠠ ᠠᠮᠤᠷ ᠪᠣᠯᠭᠠᠵᠤ᠂ ᠨᠠᠩ ᠲᠥᠬᠦᠮ᠂ ᠲᠦᠷᠭᠡᠨ᠂ ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠣᠷᠴᠢᠨ ᠨᠦᠬᠦᠴᠡᠯ ᠢ ᠪᠣᠶ ᠪᠣᠯᠭᠠᠨ᠎ᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ