8 ᠰᠠᠷ᠎ᠠ ᠶᠢᠨ 8 ᠤ ᠦᠳᠡ ᠶᠢᠨ ᠡᠮᠦᠨ᠎ᠡ᠂ ︽ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠰᠣᠶᠣᠯ ᠤᠨ ᠴᠢᠳᠠᠪᠤᠷᠢᠲᠠᠨ ᠤ ᠨᠡᠶᠢᠭᠡᠮᠯᠢᠭ︾ ᠤᠨ | ᠫᠠᠶᠢᠰᠠ ᠰᠡᠬᠦᠬᠦ ᠶᠣᠰᠣᠯᠠᠯ ᠢᠦᠢ ᠴᠢᠤᠸᠠᠨ ᠲᠣᠭᠤᠷᠢᠭ ᠤᠨ ᠳ᠋ᠠ ᠱᠧᠩ ᠺᠦᠢ ᠰᠣᠶᠣᠯ ᠤᠨ ᠡᠭᠦᠳᠦᠯᠲᠡ ᠶᠢᠨ ᠬᠦᠷᠢᠶᠡᠯᠡᠩ ᠤᠨ ᠬᠤᠶᠢᠲᠤ ᠲᠣᠭᠤᠷᠢᠭ ᠲᠤ | ᠶᠠᠪᠤᠭᠳᠠᠵᠤ᠂ ᠬᠥᠬᠡᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠵᠢᠴᠢ | ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠥᠬᠡᠬᠤᠲᠠ ᠶᠢᠨ | ᠵᠠᠯᠠᠭᠤᠴᠤᠳ ᠤᠨ ᠬᠤᠯᠪᠣᠭ᠎ᠠ᠂ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠢᠦᠢ | ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠲᠠᠢ ᠬᠠᠮᠲᠤᠪᠠᠷ ᠪᠠᠶᠢᠭᠤᠯᠬᠤ ᠵᠥᠪᠯᠡᠯᠴᠡᠭᠡᠷ ᠲᠣᠭᠲᠠᠵᠤ᠂ | ᠠᠩᠬᠠᠳᠤᠭᠠᠷ ᠬᠤᠭᠤᠴᠠᠭᠠᠨ ᠤ ︽ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠨᠡᠪᠴᠢᠭᠦᠯᠬᠦ ᠪᠠᠲᠯᠢᠶᠣᠨ︾ ᠢ ᠡᠷᠬᠢᠯᠡᠵᠦ᠂ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ ᠨᠠᠷ ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠳᠤ ᠤᠷᠢᠯᠭ᠎ᠠ ᠶᠢᠨ ᠪᠢᠴᠢᠭ ᠣᠯᠭᠤᠵᠤ᠂ ᠬᠠᠮᠲᠤᠪᠠᠷ | ᠫᠠᠶᠢᠰᠠ ᠰᠡᠬᠦᠪᠡ︕ | ᠤᠢᠢᠷ᠎ᠠ ᠶᠢᠨ ᠵᠢᠯ ᠠᠴᠠ᠂ ᠢᠦᠢ ᠴᠢᠤᠸᠠᠨ ᠲᠣᠭᠤᠷᠢᠭ ᠤᠨ ᠬᠢᠨ ᠬᠤᠳᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ᠂ ᠲᠠᠪᠤᠳᠤᠭᠠᠷ ᠤᠳᠠᠭ᠎ᠠ ᠶᠢᠨ | ᠪᠦᠬᠦᠳᠠ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ ᠳᠤ ᠰᠠᠭᠤᠷᠢᠯᠠᠵᠤ᠂ ︽ᠰᠣᠶᠣᠯ ᠢ ᠳᠡᠭᠡᠳᠦᠯᠡᠬᠦ᠂ ᠰᠤᠷᠭᠠᠨ ᠬᠥᠮᠦᠵᠢᠯ ᠢ ᠴᠢᠬᠤᠯᠠᠴᠢᠯᠠᠬᠤ᠂ ᠬᠤᠳᠠᠯᠳᠤᠭ᠎ᠠ ᠡᠵᠡᠩᠨᠡᠬᠦ᠂ ᠪᠠᠶᠢᠭᠠᠯᠢ ᠶᠢ | ᠡᠷᠬᠢᠮᠯᠡᠬᠦ︾ ᠬᠥᠭᠵᠢᠯᠲᠡ ᠶᠢᠨ ᠰᠡᠳᠬᠢᠴᠡ ᠶᠢ ᠲᠣᠳᠣᠷᠬᠠᠶᠢᠯᠠᠵᠤ᠂ ᠣᠷᠣᠨ ᠤ ᠲᠥᠪ ᠬᠤᠳᠠ ᠶᠢᠨ ᠬᠤᠲᠠ ᠶᠢᠨ ᠲᠠᠪᠤᠨ ᠶᠡᠭᠡ ᠴᠢᠳᠠᠪᠤᠷᠢ ᠶᠢᠨ ᠲᠡᠰ ᠢ | ᠳᠡᠭᠡᠭᠰᠢᠯᠡᠭᠦᠯᠬᠦ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ ᠴᠥᠬᠦᠷᠡᠰᠢ ᠦᠭᠡᠢ | ᠴᠢᠷᠮᠠᠶᠢᠯᠭ᠎ᠠ ᠭᠠᠷᠭᠠᠪᠠ᠃ ᠢᠦᠢ ᠴᠢᠤᠸᠠᠨ ᠲᠣᠭᠤᠷᠢᠭ ᠤᠨ ᠬᠢᠨ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠣᠯᠤᠨ ᠭᠦᠨ | ᠵᠤᠵᠠᠭᠠᠨ ᠲᠡᠦᠬᠡ ᠶᠢᠨ ᠠᠭᠤᠯᠬᠤᠨ ᠳᠤ ᠲᠦᠰᠢᠭᠯᠡᠨ᠂ ︽ᠰᠣᠶᠣᠯ ᠢ ᠳᠡᠭᠡᠳᠦᠯᠡᠬᠦ︾ ᠭᠡᠬᠦ ᠡᠨᠡᠬᠦ ᠵᠣᠬᠢᠶᠠᠯ ᠢ ᠰᠣᠶᠣᠯ ᠵᠢᠭᠤᠯᠴᠢᠯᠠᠯ ᠤᠨ ᠠᠭᠤᠰᠤᠯᠴᠠᠨ ᠴᠢᠨᠠᠷ | ᠰᠠᠶᠢᠲᠠᠢ ᠬᠥᠭᠵᠢᠬᠦ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠠᠬᠤᠢ ᠶᠢ ᠬᠦᠴᠦᠷᠬᠡᠭᠵᠢᠭᠦᠯᠬᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠠᠯᠠᠪᠤᠷ ᠢ ᠬᠥᠭᠵᠢᠭᠡᠬᠦ᠂ ᠰᠣᠶᠣᠯ ᠵᠢᠭᠤᠯᠴᠢᠯᠠᠯ ᠤᠨ ᠦᠢᠯᠡᠳᠬᠦᠨ ᠢ ᠬᠦᠭᠵᠢᠶᠡᠨᠲᠡᠢ᠂ ᠰᠣᠶᠣᠯ ᠦᠵᠡᠰᠬᠦᠯᠡᠩ ᠤᠨ ᠲᠠᠯᠠᠪᠤᠷ ᠢ | ᠬᠡᠷᠡᠭᠯᠡᠬᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ | ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠢᠦᠢ ᠴᠢᠤᠸᠠᠨ ᠤ ᠲᠡᠦᠬᠡ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠪᠤᠰᠤᠳᠴᠢ ᠱᠠᠭᠠᠷᠳᠠᠯᠭ᠎ᠠ | ᠪᠣᠯᠬᠤ ᠪᠠᠷ ᠪᠠᠷᠠᠬᠤ ᠦᠭᠡᠢ ᠪᠠᠰᠠ ︽ᠰᠣᠶᠣᠯ ᠢ ᠳᠡᠭᠡᠳᠦᠯᠡᠬᠦ︾ ᠢᠦᠢ ᠴᠢᠤᠸᠠᠨ ᠢ ᠪᠠᠶᠢᠭᠤᠯᠬᠤ ᠶᠢᠨ ᠪᠣᠳᠠᠲᠤ ᠬᠡᠷᠡᠭᠴᠡᠭᠡ ᠪᠠᠶᠢᠵᠤ᠂ ᠨᠡᠩ ᠴᠤ ᠲᠡᠦᠬᠡ ᠶᠢ | ᠠᠭᠤᠳᠠᠯᠬᠤ᠂ ᠰᠣᠯᠢᠯᠴᠠᠭ᠎ᠠ ᠶᠢ ᠨᠡᠮᠡᠭᠳᠡᠭᠦᠯᠬᠦ᠂ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠰᠢᠨ᠎ᠡ ᠲᠠᠪᠴᠠᠩ ᠪᠣᠯᠤᠨ ᠰᠣᠶᠣᠯ ᠤᠨ ᠴᠢᠳᠠᠪᠤᠷᠢᠲᠠᠨ ᠢ | ᠬᠦᠮᠦᠵᠢᠭᠦᠯᠵᠦ᠂ ᠵᠠᠯᠠᠭᠤᠴᠤᠳ ᠤᠨ ᠬᠠᠮᠲᠤᠯᠢᠭ ᠲᠤ ᠬᠠᠨᠳᠤᠭᠤᠯᠤᠨ᠂ ᠣᠷᠣᠨ ᠪᠦᠰᠡ ᠶᠢᠨ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ | ᠨᠡᠮᠡᠷᠢᠯᠡᠬᠦ ᠰᠢᠨ᠎ᠡ ᠬᠥᠳᠡᠯᠭᠡᠬᠦ ᠬᠦᠴᠦᠨ ᠪᠣᠯᠤᠨ᠎ᠠ᠃ ᠨᠡᠶᠢᠭᠡᠮᠯᠢᠭ ᠤᠨ ᠬᠢᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠯᠠᠨ ᠰᠢᠨᠵᠢᠯᠡᠭᠡᠨ ᠤ | ᠰᠠᠯᠠᠭ᠎ᠠ ᠶᠢᠨ ᠬᠤᠷᠠᠮᠠᠯ ᠳᠠᠪᠠᠭᠤᠯᠢᠭ᠂ ᠡᠯ᠎ᠡ ᠬᠦᠷᠢᠶᠡᠨ ᠤ ᠲᠤᠰᠬᠠᠢ ᠮᠡᠷᠭᠡᠵᠢᠯᠲᠡᠨ ᠫᠷᠤᠹᠧᠰᠰᠤᠷ᠂ ᠵᠠᠯᠠᠭᠤ ᠴᠢᠳᠠᠪᠤᠷᠢᠲᠠᠨ ᠤ ᠡᠬᠢ ᠪᠠᠶᠠᠯᠢᠭ ᠤᠨ | ᠳᠠᠪᠠᠭᠤᠯᠢᠭ ᠢ ᠠᠰᠢᠭᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ᠃ |