ᠪᠥᠬᠦ ᠬᠤᠲᠠ ᠶᠢᠨ ᠳᠠᠪᠠᠭᠤᠯᠢᠭ ᠲᠠᠷᠢᠮᠠᠯ ᠤᠨ ᠵᠦᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠦᠴᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/14
      8 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠬᠤᠲᠠ ᠶᠢᠨ ᠳᠠᠪᠠᠭᠤᠯᠢᠭ ᠲᠠᠷᠢᠮᠠᠯ ᠤᠨ ᠵᠦᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠤ ᠠᠩᠬᠠᠨ ᠤ ᠥᠷᠲᠡᠭᠡ ᠦᠴᠦᠸᠠᠨ ᠰᠢᠶᠠᠨ ᠳᠤ ᠶᠠᠪᠤᠭᠳᠠᠪᠠ᠃      ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠤ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ᠂ ᠬᠤᠭᠤᠯᠠᠢ ᠠᠭᠤᠯᠠ ᠰᠢᠶᠠᠩ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠰᠠᠭᠤᠷᠢᠨ ᠳᠤ ᠬᠦᠷᠴᠦ ᠴᠢᠨᠠᠷ ᠰᠠᠶᠢᠲᠠᠢ ᠲᠥᠮᠥᠰᠥ ᠶᠢ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠲᠠᠷᠢᠬᠤ ᠮᠡᠷᠭᠡᠵᠢᠯ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ᠂ ᠲᠥᠮᠥᠰᠥ ᠶᠢᠨ ᠲᠠᠷᠢᠶ᠎ᠠ ᠶᠢ ᠦᠵᠡᠵᠦ ᠦᠷ᠎ᠡ ᠰᠣᠩᠭᠤᠬᠤ ᠲᠠᠪᠴᠠᠩ ᠤᠨ ᠪᠠᠶᠢᠭᠤᠯᠤᠯᠲᠠ ᠵᠢᠴᠢ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠤᠷᠰᠢᠯᠲᠠ᠂ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠵᠡᠷᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      ᠡᠨᠡ ᠬᠤᠭᠤᠴᠠᠭᠠᠨ ᠳᠤ᠂ ᠤᠯᠠᠨ ᠢᠶᠠᠷ ᠢᠶᠠᠨ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠠᠷᠢᠶᠠᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠠᠷᠢᠶᠠᠯᠠᠩ ᠤᠨ ᠮᠡᠷᠭᠡᠵᠢᠯ ᠵᠢᠴᠢ ᠲᠠᠷᠢᠮᠠᠯ ᠤᠨ ᠲᠤᠷᠰᠢᠯᠭ᠎ᠠ ᠪᠠᠨ ᠰᠣᠯᠢᠯᠴᠠᠨ ᠶᠠᠷᠢᠯᠴᠠᠪᠠ᠃ ᠦᠵᠡᠭᠦᠯᠦᠯᠭᠡ ᠶᠢᠨ ᠳᠤᠭᠤᠶᠢᠯᠠᠩ ᠤᠨ ᠦᠵᠡᠬᠦ ᠪᠠᠷ᠂ ᠦᠴᠦᠸᠠᠨ ᠰᠢᠶᠠᠨ ᠤ ᠬᠥᠭᠵᠢᠯᠲᠡ ᠶᠢᠨ ᠰᠠᠭᠤᠷᠢ ᠮᠠᠰᠢ ᠰᠠᠶᠢᠨ᠂ ᠡᠬᠢ ᠪᠠᠶᠠᠯᠢᠭ ᠤᠨ ᠳᠠᠪᠠᠭᠤᠯᠢᠭ ᠲᠠᠯ᠎ᠠ ᠢᠯᠡᠷᠬᠡᠢ ᠪᠠᠶᠢᠵᠤ᠂ ᠳᠠᠪᠠᠭᠤᠯᠢᠭ ᠲᠠᠷᠢᠮᠠᠯ ᠤᠨ ᠵᠦᠢᠯ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠠᠵᠢᠯ ᠳᠤ ᠮᠠᠰᠢ ᠣᠯᠠᠨ ᠰᠠᠶᠢᠨ ᠲᠤᠷᠰᠢᠯᠭ᠎ᠠ ᠪᠠ ᠠᠷᠭ᠎ᠠ ᠬᠡᠮᠵᠢᠶ᠎ᠡ ᠠᠪᠴᠤ᠂ ᠯᠠᠪᠯᠠᠯᠲᠠ ᠪᠣᠯᠭᠠᠬᠤ ᠠᠴᠢ ᠬᠤᠯᠪᠣᠭᠳᠠᠯ ᠲᠠᠢ᠂ ᠪᠦᠬᠦ ᠬᠤᠳᠠ ᠶᠢᠨ ᠡᠯ᠎ᠡ ᠬᠤᠰᠢᠭᠤ ᠰᠢᠶᠠᠨ ᠤ ᠬᠢᠨ ᠪᠦᠲᠦᠮᠵᠢᠲᠡᠢ ᠠᠷᠭ᠎ᠠ ᠬᠢᠳᠡᠯ ᠢ ᠢᠳᠡᠪᠬᠢᠲᠡᠢ ᠰᠤᠳᠤᠯᠤᠨ ᠰᠦᠪᠡᠭᠴᠢᠯᠡᠵᠦ᠂ ᠪᠦᠬᠦ ᠬᠤᠳᠠ ᠶᠢᠨ ᠡᠯ᠎ᠡ ᠳᠠᠪᠠᠭᠤᠯᠢᠭ ᠲᠠᠷᠢᠮᠠᠯ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠢᠳᠡᠰᠢᠨ ᠨᠣᠭᠤᠭ᠎ᠠ ᠶᠢᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠡᠢ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ