8 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠵᠢᠨᠴᠢᠶᠣᠣ ᠬᠤᠪᠢᠶᠠᠷᠢ ᠬᠤᠷᠢᠶ᠎ᠠ | ᠪᠦᠭᠦ ᠲᠠᠯ᠎ᠠ ᠪᠠᠷ ᠡᠮᠴᠢᠯᠡᠭᠡ ᠬᠢᠵᠦ ᠡᠬᠢᠯᠡᠪᠡ᠃ ᠡᠨᠡ ᠨᠢ ᠥᠪᠥᠷ ᠮᠣᠩᠭᠤᠯ ᠤᠨ ᠤᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ | ᠰᠢᠨ᠎ᠡ ᠨᠢᠭᠡᠨ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠵᠢᠨᠴᠢᠶᠣᠣ ᠬᠤᠪᠢᠶᠠᠷᠢ ᠬᠤᠷᠢᠶ᠎ᠠ ᠶᠢᠨ ᠠᠰᠠᠷ ᠢ ᠤᠤᠯ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠤᠳᠠᠯᠳᠤᠨ ᠠᠪᠴᠤ ᠪᠠᠶᠢᠭᠤᠯᠵᠤ᠂ 2015 ᠣᠨ ᠳᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ | ᠡᠵᠡᠩᠨᠡᠨ ᠬᠠᠮᠢᠶᠠᠷᠪᠠ᠃ 2017 ᠣᠨ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ | ᠲᠣᠪᠴᠢᠶ᠎ᠠ ᠠᠴᠠ ᠤᠯᠤᠰ ᠤᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠤᠨ ᠮᠣᠩᠭᠤᠯ ᠡᠮᠨᠡᠯᠭᠡ ᠶᠢᠨ | ᠬᠤᠷᠢᠶ᠎ᠠ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠬᠤ ᠪᠠᠷ ᠵᠥᠪᠰᠢᠶᠡᠷᠡᠵᠦ᠂ 2018 ᠣᠨ ᠳᠤ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠢ ᠴᠣᠬᠤᠯᠠᠪᠤᠷᠢᠯᠠᠨ | ᠵᠥᠪᠰᠢᠶᠡᠷᠡᠭᠰᠡᠨ ᠤ ᠳᠠᠷᠠᠭ᠎ᠠ᠂ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠳᠠᠭᠠᠭᠠᠴᠢᠯᠠᠯᠲᠠ ᠵᠠᠷᠯᠠᠬᠤ᠂ ᠲᠣᠬᠢᠷᠠᠭᠤᠯᠤᠯᠲᠠ ᠬᠢᠬᠦ | ᠵᠡᠷᠭᠡ ᠪᠡᠯᠡᠳᠬᠡᠯ ᠠᠵᠢᠯ ᠢ ᠠᠯᠬᠤᠮ ᠠᠯᠬᠤᠮ ᠢᠶᠠᠷ ᠪᠡᠶᠡᠯᠡᠭᠦᠯᠵᠦ᠂ 2021 ᠣᠨ ᠠᠴᠠ ᠡᠬᠢᠯᠡᠨ ᠪᠦᠲᠦᠭᠡᠨ ᠪᠠᠶᠢᠭᠤᠯᠵᠤ᠂ ᠡᠮᠦᠨᠡᠬᠢ ᠬᠤᠭᠤᠴᠠᠭᠠᠨ ᠤ | ᠲᠤᠷᠰᠢᠨ ᠠᠵᠢᠯᠯᠠᠭᠤᠯᠬᠤ ᠪᠠᠷ ᠳᠠᠮᠵᠢᠨ ᠡᠨᠡ ᠡᠳᠦᠷ ᠪᠦᠭᠦ ᠲᠠᠯ᠎ᠠ ᠪᠠᠷ ᠡᠮᠴᠢᠯᠡᠭᠡ ᠬᠢᠵᠦ ᠡᠬᠢᠯᠡᠪᠡ᠃ | ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠵᠢᠨᠴᠢᠶᠣᠣ ᠬᠤᠪᠢᠶᠠᠷᠢ ᠬᠤᠷᠢᠶ᠎ᠠ ᠨᠢ ᠨᠠᠰᠤᠲᠠᠶᠢᠴᠤᠳ ᠤᠨ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠮᠨᠡᠨ ᠵᠠᠰᠠᠬᠤ ᠪᠠ ᠤᠳᠠᠭᠠᠨ ᠴᠢᠨᠠᠷᠲᠠᠢ ᠡᠪᠡᠳᠴᠢᠲᠡᠨ ᠤ ᠬᠠᠮᠢᠶᠠᠷᠤᠯᠲᠠ᠂ ᠡᠷᠡᠭᠦᠯᠵᠢᠯ ᠤᠨ ᠠᠨᠠᠭᠠᠬᠤ | ᠤᠬᠠᠭᠠᠨ᠂ ᠮᠣᠩᠭᠤᠯ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠵᠠᠰᠠᠯᠲᠠ ᠪᠠᠷ ᠭᠤᠣᠯ ᠪᠤᠯᠭᠠᠵᠦ᠂ ᠣᠳᠣᠬᠠᠨ ᠳᠤ 16 ᠡᠭᠦᠳᠡᠨ ᠡᠮᠨᠡᠯᠭᠡ᠂ 8 | ᠡᠪᠡᠳᠴᠢᠲᠡᠨ ᠤ ᠲᠣᠭᠤᠷᠢᠭ᠂ 4 ᠡᠮᠨᠡᠯᠭᠡ ᠶᠢᠨ ᠮᠡᠷᠭᠡᠵᠢᠯ ᠤᠨ ᠰᠠᠯᠠᠭ᠎ᠠ ᠲᠠᠰᠤᠭ᠂ 1 ᠭᠡᠳᠦ ᠳᠣᠯᠭᠢᠶᠠᠨ ᠤ ᠬᠠᠲᠠᠭᠤ ᠵᠠᠰᠠᠯ ᠤᠨ ᠲᠥᠪ ᠭᠠᠷᠭᠠᠪᠠ᠃ | ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠡᠵᠡᠩᠨᠡᠯᠲᠡ ᠵᠡᠷᠭᠡ ᠲᠠᠯ᠎ᠠ ᠪᠠᠷ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ | ᠡᠮᠨᠡᠯᠭᠡ ᠶᠢᠨ ᠬᠤᠷᠢᠶ᠎ᠠ ᠯᠤᠭ᠎ᠠ ︽ᠨᠢᠭᠡ ᠡᠮᠨᠡᠯᠭᠡ ᠶᠢᠨ ᠬᠤᠷᠢᠶ᠎ᠠ ᠬᠤᠶᠠᠷ ᠲᠣᠭᠤᠷᠢᠭ︾ ᠤᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡ ᠶᠢ | ᠬᠡᠷᠡᠭᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠪᠣᠯᠣᠨ ᠦᠢᠯᠡᠴᠢᠯᠡᠭᠡᠨ ᠤ ᠴᠢᠳᠠᠮᠵᠢ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠦᠨ ᠲᠣᠬᠢᠷᠠᠭᠤᠯᠵᠤ᠂ ᠮᠣᠩᠭᠤᠯ | ᠡᠮ ᠡᠮᠨᠡᠯᠭᠡ ᠪᠠᠷ ᠣᠨᠴᠠᠯᠢᠭ ᠪᠤᠯᠭᠠᠬᠰᠠᠨ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠬᠢᠭᠡᠳ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠴᠢᠳᠠᠪᠤᠷᠢ | ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠡᠪᠡᠳᠴᠢᠲᠡᠨ ᠤ ᠡᠪᠡᠳᠴᠢᠨ ᠦᠵᠡᠭᠦᠯᠭᠦ ᠬᠠᠨᠤᠮᠵᠢ ᠶᠢᠨ ᠬᠡᠮᠵᠢᠶ᠎ᠡ᠂ ᠳᠥᠭᠦᠮ ᠳᠥᠲᠡ ᠲᠥᠷᠥᠭᠳᠡᠯ᠂ ᠲᠠᠭᠠᠯᠠᠮᠵᠢᠲᠠᠢ | ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠭᠦ ᠪᠣᠯᠣᠨ᠎ᠠ᠃ | |