︵ᠰᠤᠷᠪᠤᠯᠵᠢᠯᠠᠭᠴᠢ ᠰᠥᠩ ᠰᠢᠶᠠᠩ ᠬᠤᠸᠠ︶ ︽2023 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠲᠡ ᠶᠢᠨ | ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠪᠣᠯᠣᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ | ᠬᠤᠪᠢᠶᠠᠷᠢᠯᠠᠯᠲᠠ ᠶᠢᠨ ᠰᠠᠨᠠᠯ ᠢ ᠦᠨᠳᠦᠰᠦᠯᠡᠨ᠂ ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠨᠣᠷᠮ᠎ᠠ ᠶᠢ | ᠰᠣᠷᠣᠭᠴᠢ ᠨᠢᠭᠡᠪᠦᠷᠢ ᠳᠤ ᠵᠢᠯ ᠪᠦᠷᠢ 1000 ᠲᠥᠭᠦᠷᠢᠭ ᠤᠨ ᠪᠠᠷᠢᠮᠵᠢᠶ᠎ᠠ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠶᠢᠷ᠎ᠠ ᠳᠤ᠂ | 2023 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ 495.90 ᠲᠦᠮᠡᠨ | ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ | ᠪᠠᠲᠤᠯᠠᠭ᠎ᠠ ᠶᠢᠨ ᠦᠢᠯᠡᠳᠦᠯ ᠦᠵᠡᠭᠦᠯᠪᠡ᠃ | ᠡᠭᠦᠨ ᠠᠴᠠ ᠭᠠᠳᠠᠨ᠎ᠠ᠂ ︽2023 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠨᠥᠬᠦᠪᠦᠷᠢ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ | ᠬᠥᠮᠦᠵᠢᠯ ᠤᠨ ᠲᠢᠩᠬᠢᠮ ᠤᠨ ᠮᠡᠳᠡᠭᠳᠡᠯ︾ ᠪᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠶᠠᠷᠢᠯᠠᠯᠲᠠ ᠶᠢᠨ ᠰᠠᠨᠠᠯ ᠵᠢᠴᠢ ᠰᠣᠷᠣᠭᠴᠢ | ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠨᠣᠷᠮ᠎ᠠ ︵ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ | ᠵᠠᠷᠤᠳᠠᠯ ᠤᠨ ᠪᠠᠷᠢᠮᠵᠢᠶ᠎ᠠ 600 ᠲᠥᠭᠦᠷᠢᠭ︶ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠵᠢᠴᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ | ᠬᠡᠷᠡᠭᠯᠡᠭᠡᠨ ᠤ ᠵᠠᠷᠤᠳᠠᠯ ᠤᠨ ᠲᠥᠰᠥᠪ ᠢ 534.30 ᠲᠦᠮᠡᠨ ᠲᠥᠭᠦᠷᠢᠭ ᠪᠠᠭᠤᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠪᠠᠶᠢᠭᠤᠯᠤᠮᠵᠢ ᠶᠢᠨ ᠦᠨᠳᠦᠰᠦᠨ ᠠᠵᠢᠯᠯᠠᠭᠠᠨ ᠢ ᠤᠯᠠᠮ ᠨᠢᠭᠡ ᠠᠯᠬᠤᠮ ᠪᠠᠲᠤᠯᠠᠵᠤ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠶᠠᠰᠤ ᠴᠢᠨᠠᠷ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠡᠭᠦᠨ ᠳᠤ᠂ | ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ 257.60 ᠲᠦᠮᠡᠨ ᠲᠥᠭᠦᠷᠢᠭ᠂ ᠲᠦᠭᠡᠮᠡᠯ ᠬᠠᠷᠠᠭᠠᠯᠵᠠᠯ ᠤᠨ | ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ 276.70 ᠲᠦᠮᠡᠨ ᠲᠥᠭᠦᠷᠢᠭ ᠪᠣᠯᠣᠨ᠎ᠠ᠃ |