︵ᠰᠤᠷᠪᠤᠯᠵᠢᠯᠠᠭᠴᠢ ᠰᠥᠩ ᠰᠢᠶᠠᠩ ᠬᠤᠸᠠ︶ ᠡᠨᠡ ᠵᠢᠯ᠂ ᠮᠠᠨ ᠤ ᠬᠤᠲᠠ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠬᠦ ᠶᠢ ᠨᠢᠭᠡᠨ ᠭᠤᠣᠯᠳᠠᠯᠭ᠎ᠠ ᠲᠠᠢ ᠠᠵᠢᠯ ᠪᠣᠯᠭᠠᠵᠤ᠂ ᠬᠤᠲᠠ ᠶᠢᠨ | ᠱᠠᠲᠤᠨ ᠤ ᠡᠳ᠋ ᠤᠨ ᠵᠠᠰᠠᠭ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ | ᠬᠠᠮᠵᠢᠯᠴᠠᠨ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ ᠤᠨ ᠨᠥᠭᠡᠴᠡᠯᠡᠯᠲᠡ ᠶᠢ | ᠰᠠᠶᠢᠲᠤᠷ ᠬᠢᠵᠦ᠂ ᠲᠥᠪ ᠪᠠ ᠮᠤᠵᠢ ᠶᠢᠨ ᠱᠠᠲᠤᠨ ᠤ ᠨᠡᠶᠢᠲᠡ 40211 ᠲᠦᠮᠡᠨ ᠲᠥᠭᠦᠷᠢᠭ ᠤᠨ 2023 ᠣᠨ ᠤ ᠬᠤᠲᠠ ᠪᠠᠯᠭᠠᠰᠤᠨ ᠤ ᠪᠠᠲᠤᠯᠠᠭ᠎ᠠ ᠶᠢᠨ | ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠨᠥᠬᠦᠪᠦᠷᠢ ᠮᠥᠩᠭᠦ ᠶᠢ ᠣᠯᠵᠤ᠂ ᠪᠥᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠪᠡ᠃ | 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ ᠰᠢᠶᠠᠨ ᠲᠣᠭᠤᠷᠢᠭ ᠲᠤ ᠨᠢᠭᠡᠨᠲᠡ 29916 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠂ | ᠬᠠᠭᠤᠴᠢᠨ ᠬᠤᠷᠢᠶᠠᠯᠠᠯ ᠢ ᠥᠭᠡᠷᠡᠴᠢᠯᠡᠬᠦ ᠳᠤ 26099 ᠲᠦᠮᠡᠨ ᠲᠥᠭᠦᠷᠢᠭ ᠬᠡᠷᠡᠭᠯᠡᠵᠦ᠂ 228 ᠬᠠᠭᠤᠴᠢᠨ ᠬᠤᠷᠢᠶᠠᠯᠠᠯ ᠤᠨ ᠢᠵᠢ ᠪᠦᠷᠢᠳᠦᠭᠦᠯᠬᠦ | ᠪᠡᠯᠡᠳᠬᠡᠮᠵᠢ᠂ ᠬᠤᠷᠢᠶᠠᠯᠠᠯ ᠤᠨ ᠣᠷᠴᠢᠨ ᠲᠣᠭᠤᠷᠢᠨ᠂ ᠪᠠᠷᠢᠯᠭ᠎ᠠ ᠶᠢᠨ ᠤᠭ ᠴᠣᠭᠴᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢ | ᠥᠭᠡᠷᠡᠴᠢᠯᠡᠬᠦ ᠶᠢ ᠳᠡᠮᠵᠢᠪᠡ︔ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠬᠤ ᠳᠤ 1114 ᠲᠦᠮᠡᠨ ᠲᠥᠭᠦᠷᠢᠭ ᠬᠡᠷᠡᠭᠯᠡᠵᠦ᠂ ᠪᠠᠭ᠎ᠠ | ᠣᠷᠣᠯᠭ᠎ᠠ ᠲᠠᠢ ᠣᠷᠣᠨ ᠰᠠᠭᠤᠴᠠ ᠶᠢᠨ ᠪᠠᠲᠤᠯᠠᠭ᠎ᠠ ᠶᠢᠨ 4000 ᠭᠡᠷ ᠪᠦᠯᠢ ᠳᠤ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠵᠤ᠂ | ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠪᠠ︔ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠳᠤ | 903 ᠲᠦᠮᠡᠨ ᠲᠥᠭᠦᠷᠢᠭ ᠬᠡᠷᠡᠭᠯᠡᠵᠦ᠂ 701 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠠᠲᠤᠯᠠᠪᠠ︔ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠡᠯᠡ ᠮᠥᠩᠭᠦ ᠶᠢ 1800 ᠲᠦᠮᠡᠨ ᠲᠥᠭᠦᠷᠢᠭ ᠰᠠᠯᠭᠠᠨ ᠥᠭᠴᠦ᠂ ᠨᠥᠬᠦᠴᠡᠯ ᠳᠤ | ᠨᠡᠶᠢᠴᠡᠬᠦ ᠬᠤᠲᠠ ᠪᠠᠯᠭᠠᠰᠤ ᠶᠢᠨ ᠳᠤᠮᠳᠠ ᠵᠡᠷᠭᠡ ᠠᠴᠠ ᠳᠣᠣᠷ᠎ᠠ ᠰᠢᠭ᠋ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠥᠮᠥᠰ ᠤᠨ ︽ᠰᠠᠭᠤᠬᠤ | ᠣᠷᠣᠨ ᠰᠠᠭᠤᠴᠠ ᠲᠠᠢ︾ ︽ᠠᠮᠤᠷ ᠲᠠᠶᠢᠪᠤᠩ ᠠᠵᠤ ᠲᠦᠷᠦᠭᠦ︾ ᠶᠢ ᠪᠡᠶᠡᠯᠡᠭᠦᠯᠬᠦ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠪᠠ᠃ ᠪᠡᠯᠡ ᠮᠥᠩᠭᠦ | ᠪᠠᠭᠤᠯᠭᠠᠭᠰᠠᠨ ᠨᠢ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠣᠷᠣᠨ ᠰᠠᠭᠤᠴᠠ ᠶᠢᠨ ᠨᠥᠬᠦᠴᠡᠯ ᠢ ᠨᠢ ᠰᠠᠶᠢᠵᠢᠷᠠᠭᠤᠯᠵᠤ᠂ ᠰᠢᠨ᠎ᠡ ᠬᠤᠳᠠ ᠶᠢᠨ ᠠᠷᠠᠳ | ᠂ ᠵᠠᠯᠠᠭᠤᠴᠤᠳ ᠤᠨ ᠣᠷᠣᠨ ᠰᠠᠭᠤᠴᠠ ᠶᠢᠨ ᠬᠦᠴᠢᠷᠳᠡᠯ ᠢ ᠴᠢᠷᠮᠠᠶᠢᠨ ᠨᠠᠮᠳᠠᠭᠤᠯᠪᠠ᠃ | ᠣᠶᠢᠯᠠᠭᠠᠭᠰᠠᠨ ᠢᠶᠠᠷ᠂ ᠡᠨᠡ ᠬᠡᠰᠡᠭ ᠪᠡᠯᠡ ᠮᠥᠩᠭᠦ ᠶᠢ ᠴᠥᠮ ᠡᠳ᠋ ᠤᠨ ᠵᠠᠰᠠᠭ ᠤᠨ ᠰᠢᠭᠤᠳ ᠬᠦᠷᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠳᠤ ᠣᠷᠣᠭᠤᠯᠤᠭᠰᠠᠨ ᠪᠠᠶᠢᠨ᠎ᠠ᠂ ᠵᠠᠷᠤᠯᠭ᠎ᠠ ᠶᠢ ᠲᠣᠬᠢᠷᠠᠭᠤᠯᠬᠤ ᠳᠠᠭᠠᠨ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠯᠤᠰ ᠤᠨ | ᠬᠥᠮᠥᠷᠭᠡ ᠶᠢᠨ ᠲᠥᠪᠯᠡᠷᠡᠭᠦᠯᠦᠨ ᠣᠯᠭᠤᠬᠤ ᠳᠦᠷᠢᠮ ᠪᠠ ᠰᠢᠭᠤᠳ ᠬᠦᠷᠬᠦ ᠪᠡᠯᠡ ᠮᠥᠩᠭᠦ ᠶᠢ ᠬᠡᠷᠡᠭᠯᠡᠬᠦ ᠱᠠᠭᠠᠷᠳᠠᠯᠭ᠎ᠠ ᠶᠣᠰᠣᠭᠠᠷ ᠰᠢᠯᠵᠢᠭᠦᠯᠦᠨ ᠥᠭᠭᠦᠭᠰᠡᠨ | ᠪᠠᠶᠢᠨ᠎ᠠ᠃ |