ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠨᠳᠦ ᠬᠦᠩᠭᠡᠨ ᠲᠠᠮᠢᠷ ᠤᠨ ᠲᠦᠷᠦᠯ ᠤᠨ ᠤᠷᠤᠯᠳᠤᠭᠠᠨ ᠶᠠᠪᠤᠭᠳᠠᠪᠠ 12 ᠤᠨ ᠡᠳᠦᠷ ᠪᠣᠯᠲᠠᠯ᠎ᠠ ᠮᠠᠨ ᠤ ᠬᠤᠲᠠ ᠶᠢᠨ ᠲᠥᠯᠥᠭᠡᠯᠡᠭᠴᠢᠳ ᠤᠨ ᠠᠩᠭᠢ 7 ᠠᠯᠲᠠᠨ ᠮᠧᠳᠠᠯ ᠭᠠᠷᠳᠠᠪᠠ
ᠨᠡᠶᠢᠲᠡᠯᠡᠭᠰᠡᠨ ᠴᠠᠭ᠄
2023/8/15
      ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠨᠳᠦ ᠬᠥᠩᠭᠡᠨ ᠲᠠᠮᠢᠷ ᠤᠨ ᠲᠦᠷᠦᠯ ᠤᠨ ᠤᠷᠤᠯᠳᠤᠭᠠᠨ ᠣᠷᠳᠣᠰ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠭᠳᠠᠪᠠ᠃ ᠬᠦ᠋ᠬᠡᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠲᠠᠢ ᠬᠠᠮᠲᠤᠷᠠᠨ ᠪᠠᠶᠢᠭᠤᠯᠤᠭᠰᠠᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠲᠦᠷᠦᠯ ᠤᠨ ᠠᠩᠭᠢ ᠰᠢᠯᠢᠳᠡᠭ ᠲᠠᠮᠢᠷᠴᠢᠨ ᠢ ᠰᠣᠩᠭᠤᠨ ᠲᠣᠮᠢᠯᠠᠵᠤ ᠤᠷᠤᠯᠳᠤᠭᠠᠨ ᠳᠤ ᠣᠷᠣᠯᠴᠠᠭᠤᠯᠵᠤ᠂ 12 ᠤᠨ ᠡᠳᠦᠷ ᠪᠣᠯᠲᠠᠯ᠎ᠠ 7 ᠠᠯᠲᠠᠨ ᠮᠧᠳᠠᠯ ᠭᠠᠷᠳᠠᠵᠠᠢ᠃      ᠲᠤᠰ ᠤᠳᠠᠭᠠᠨ ᠤ ᠤᠷᠤᠯᠳᠤᠭᠠᠨ ᠤ  ᠲᠦᠷᠦᠯ ᠪᠣᠯ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠲᠠᠯᠠᠪᠤᠷ ᠤᠨ ᠤᠷᠤᠯᠳᠤᠭᠠᠨ ᠪᠣᠯᠣᠨ᠎ᠠ᠂ ᠤᠷᠤᠯᠳᠤᠭᠠᠨ ᠳᠤ᠂ ᠮᠠᠨ ᠤ ᠬᠤᠲᠠ ᠶᠢᠨ ᠲᠠᠮᠢᠷᠴᠢᠳ ᠤᠷ᠎ᠠ ᠴᠢᠳᠠᠪᠤᠷᠢ ᠬᠦᠴᠦᠨ ᠴᠢᠳᠠᠯ ᠢᠶᠠᠨ ᠭᠠᠶᠢᠬᠠᠭᠤᠯᠵᠤ᠂ ᠥᠨᠳᠥᠷ ᠦᠰᠦᠷᠬᠦ᠂ ᠬᠤᠯᠠ ᠦᠰᠦᠷᠬᠦ᠂ ᠵᠢᠳᠠ ᠰᠢᠳᠡᠬᠦ᠂ ᠰᠠᠭᠠᠳ ᠳᠠᠪᠠᠭ᠋ᠤ ᠵᠡᠷᠭᠡ ᠮᠡᠷᠭᠡᠵᠢᠯ ᠤᠨ ᠴᠢᠨᠠᠷ ᠤᠨ ᠱᠠᠭᠠᠷᠳᠠᠯᠭ᠎ᠠ ᠪᠠᠷ ᠮᠠᠰᠢ ᠥᠨᠳᠥᠷ ᠤᠷᠤᠯᠳᠤᠭᠠᠨ ᠤ ᠵᠦᠢᠯ ᠳᠤ ᠠᠯᠲᠠᠨ ᠮᠧᠳᠠᠯ ᠣᠯᠪᠠ᠃ 4×800 ᠮᠧᠲᠷ ᠤᠨ ᠪᠦᠯᠬᠦᠮ ᠤᠨ ᠤᠷᠤᠯᠳᠤᠭᠠᠨ ᠤ ᠵᠦᠢᠯ ᠳᠤ ᠬᠤᠷᠳᠤ ᠪᠤᠯᠢᠶᠠᠯᠳᠤᠨ ᠭᠦᠶᠦᠵᠦ᠂ ᠥ ᠦᠭᠡᠢ ᠰᠠᠶᠢᠬᠠᠨ ᠬᠠᠮᠵᠢᠯᠴᠠᠭᠰᠠᠨ ᠢᠶᠠᠷ ᠠᠯᠲᠠᠨ ᠮᠧᠳᠠᠯ ᠭᠠᠷᠳᠠᠵᠠᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ