ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠮᠪᠠᠯᠲᠠ ᠶᠢᠨ ᠤᠷᠤᠯᠳᠤᠭᠠᠨ ᠳᠤ ᠮᠠᠨ ᠤ ᠬᠤᠲᠠ ᠶᠢᠨ ᠲᠥᠯᠥᠭᠡᠯᠡᠭᠴᠢᠳ ᠤᠨ ᠠᠩᠭᠢ 5 ᠠᠯᠲᠠᠨ ᠮᠧᠳᠠᠯ 11 ᠮᠥᠩᠭᠦᠨ ᠮᠧᠳᠠᠯ 6 ᠬᠦᠷᠡᠯ ᠮᠧᠳᠠᠯ ᠭᠠᠷᠳᠠᠪᠠ
ᠨᠡᠶᠢᠲᠡᠯᠡᠭᠰᠡᠨ ᠴᠠᠭ᠄
2023/8/15
      ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 9 ᠠᠴᠠ 12 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠮᠪᠠᠯᠲᠠ ᠶᠢᠨ ᠤᠷᠤᠯᠳᠤᠭᠠᠨ ᠣᠷᠳᠣᠰ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠤᠮᠪᠠᠯᠲᠠ ᠶᠢᠨ ᠣᠷᠳᠣᠨ ᠳᠤ ᠶᠠᠪᠤᠭᠳᠠᠪᠠ᠃ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠲᠠᠢ ᠬᠠᠮᠲᠤᠷᠠᠨ ᠪᠠᠶᠢᠭᠤᠯᠤᠭᠰᠠᠨ ᠤᠮᠪᠠᠯᠲᠠ ᠶᠢᠨ ᠲᠦᠷᠦᠯ ᠵᠦᠢᠯ ᠤᠨ ᠠᠩᠭᠢ ᠶᠢᠨ ᠬᠢᠨ ᠰᠢᠯᠢᠳᠡᠭ ᠲᠠᠮᠢᠷᠴᠢᠨ ᠢ ᠰᠣᠩᠭᠤᠨ ᠲᠣᠮᠢᠯᠠᠵᠤ ᠤᠷᠤᠯᠳᠤᠭᠠᠨ ᠳᠤ ᠣᠷᠣᠯᠴᠠᠭᠤᠯᠵᠤ᠂ ᠬᠤᠷᠴᠠ ᠰᠢᠷᠦᠭᠦᠨ ᠮᠥᠷᠥᠶᠢᠴᠡᠭᠡᠨ ᠢᠶᠠᠷ  ᠳᠠᠮᠵᠢᠭᠠᠳ 5 ᠠᠯᠳᠠᠨ ᠮᠧᠳᠠᠯ᠂ 11 ᠮᠥᠩᠭᠦᠨ ᠮᠧᠳᠠᠯ᠂ 6 ᠬᠦᠷᠡᠯ ᠮᠧᠳᠠᠯ ᠭᠠᠷᠳᠠᠵᠠᠢ᠃      ᠲᠣᠰ ᠤᠳᠠᠭᠠᠨ ᠤ ᠤᠷᠤᠯᠳᠤᠭᠠᠨ ᠳᠤ ᠬᠥᠬᠡ᠂ ᠬᠥᠬᠡᠭᠴᠢᠨ᠂ ᠤᠯᠠᠭᠠᠨ᠂ ᠤᠯᠠᠭᠠᠭᠴᠢᠨ ᠳᠥᠷᠪᠡᠨ ᠳᠤᠭᠤᠶᠢᠯᠠᠩ ᠬᠤᠪᠢᠶᠠᠵᠤ᠂ ᠪᠥᠬᠦ ᠣᠷᠣᠨ ᠤ 9 ᠲᠥᠯᠥᠭᠡᠯᠡᠭᠴᠢᠳ ᠤᠨ ᠠᠩᠭᠢ ᠶᠢᠨ 460 ᠭᠠᠷᠤᠢ ᠲᠠᠮᠢᠷᠴᠢᠨ ᠰᠢᠷᠦᠭᠦᠨ  ᠦᠷᠢᠰᠦᠯᠳᠦᠪᠡ ᠃ᠮᠠᠨ ᠤ ᠬᠤᠲᠠ ᠶᠢᠨ ᠲᠥᠯᠥᠭᠡᠯᠡᠭᠴᠢᠳ ᠤᠨ ᠠᠩᠭᠢ 24 ᠲᠠᠮᠢᠷᠴᠢᠨ ᠲᠣᠮᠢᠯᠠᠵᠤ ᠤᠷᠤᠯᠳᠤᠭᠠᠨ ᠳᠤ ᠣᠷᠤᠯᠴᠠᠭᠤᠯᠵᠠᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ