ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 20 ᠳ᠋ᠤᠭᠠᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 5 ᠰᠠᠷ᠎ᠠ ᠶᠢᠨ 31 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠥᠬᠡᠬᠤᠲᠠ ᠶᠢᠨ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠣᠯ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ | ᠬᠡᠮᠵᠢᠶ᠎ᠡ ᠶᠢ ᠨᠡᠮᠡᠭᠳᠡᠭᠦᠯᠬᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ | ᠠᠷᠭ᠎ᠠ ᠪᠠᠷᠢᠯ ᠮᠥᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠲᠦᠷᠭᠡᠪᠴᠢᠯᠡᠨ ᠪᠠᠶᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠠᠭᠤᠯᠭ᠎ᠠ ᠮᠥᠨ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠬᠡᠷᠡᠭᠵᠢᠭᠦᠯᠦᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ︽ | ᠰᠤᠷᠲᠠᠯ ᠢᠶᠠᠨ ᠬᠤᠪᠢᠷᠠᠭᠤᠯᠵᠤ᠂ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ︾ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ | ᠵᠠᠩᠭᠢᠯᠠᠭ᠎ᠠ ᠶᠢᠨ ᠵᠢᠯ ᠮᠥᠨ᠃ ᠮᠠᠨ ᠤ ᠤᠯᠤᠰ ᠤᠨ ᠬᠤᠲᠠ ᠶᠢᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ | ᠂ ᠲᠣᠰ ᠭᠤᠤᠯᠳᠠᠯᠭ᠎ᠠ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ | ᠲᠤᠰᠬᠠᠶ ᠠᠵᠢᠯᠯᠠᠭ᠎ᠠ ᠪᠠᠷ ᠲᠣᠬᠢᠶᠠᠯ ᠪᠣᠯᠭᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠢᠯᠡ | ᠪᠣᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠬᠢᠨᠠᠯᠲᠠ ᠲᠠᠯᠪᠢᠬᠤ ᠶᠢ ᠳᠡᠮᠵᠢᠬᠦ᠂ ᠦᠢᠯᠡᠴᠢᠯᠡᠭᠡ ᠶᠢ ᠴᠢᠩᠭᠠᠳᠬᠠᠬᠤ ᠶᠢ ᠪᠠᠷᠢᠮᠲᠠᠯᠠᠨ᠂ ᠵᠠᠰᠠᠭ ᠤᠨ | ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠢᠯᠡ ᠲᠣᠳᠣ ᠶᠢᠨ ᠬᠡᠮᠵᠢᠶ᠎ᠡ ᠪᠠᠷ | ᠥᠨᠳᠥᠷ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠷ ᠰᠢᠯᠢᠳᠡᠭ ᠲᠥᠪ ᠬᠤᠲᠠ ᠶᠢ ᠴᠢᠷᠮᠠᠶᠢᠨ ᠪᠠᠶᠢᠭᠤᠯᠤᠨ᠎ᠠ᠃ | ︵ᠬᠤᠶᠠᠷ︶ ᠠᠵᠢᠯ ᠤᠨ ᠬᠠᠷᠠᠯᠲᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ | ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠮᠢᠶᠠᠷᠤᠯᠲᠠ ᠪᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ | ᠬᠡᠷᠡᠭᠴᠡᠭᠡ ᠱᠠᠭᠠᠷᠳᠠᠯᠭ᠎ᠠ ᠪᠠᠷ ᠬᠥᠳᠡᠯᠭᠡᠭᠦᠷ ᠪᠣᠯᠭᠠᠬᠤ ᠲᠡᠶᠢᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠢᠯᠡ ᠪᠣᠯᠭᠠᠬᠤ ᠲᠤᠭ᠎ᠠ | ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠢᠯᠡ ᠪᠣᠯᠭᠠᠬᠤ ᠶᠠᠰᠤ ᠴᠢᠨᠠᠷ ᠪᠠ ᠭᠦᠨᠴᠡ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠠᠯᠬᠤᠮ | ᠠᠯᠬᠤᠮ ᠢᠶᠠᠷ ᠠᠬᠢᠭᠤᠯᠵᠤ᠂ ︽ᠭᠠᠭᠴᠠ ᠴᠢᠭᠯᠡᠯ ᠢᠶᠠᠷ ᠭᠠᠳᠠᠭᠰᠢ ᠭᠠᠷᠭᠠᠵᠤ︾ ᠪᠠᠶᠢᠭᠰᠠᠨ ᠠᠴᠠ ︽ᠬᠤᠤᠰ ᠴᠢᠭᠯᠡᠯ ᠢᠶᠠᠷ ᠤᠷᠤᠭᠰᠢᠯᠠᠬᠤ︾ ᠲᠡᠶᠢᠰᠢ | ᠬᠤᠪᠢᠷᠠᠭᠤᠯᠤᠨ᠎ᠠ᠃ ᠡᠷᠬᠡ ᠰᠦᠷ ᠲᠠᠢ᠂ ᠪᠦᠬᠦ ᠲᠠᠯ᠎ᠠ ᠶᠢᠨ᠂ ᠴᠠᠭ ᠲᠤᠬᠠᠶ ᠳᠤᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠢ ᠴᠢᠷᠮᠠᠶᠢᠨ | ᠪᠠᠶᠢᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠷᠪᠠᠨ ᠱᠠᠲᠤ ᠶᠢ ᠬᠤᠯᠪᠣᠭᠰᠠᠨ ᠪᠥᠬᠦ ᠬᠤᠲᠠ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠥᠮᠥᠷᠭᠡ ᠶᠢ ᠠᠩᠬ᠎ᠠ ᠠᠯᠬᠤᠮ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠲᠣᠭᠠᠴᠢᠯᠠᠨ ᠴᠤᠭᠯᠠᠭᠤᠯᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠢᠯᠡ ᠪᠣᠯᠭᠠᠬᠤ ᠮᠡᠳᠡᠭᠡ | ᠵᠠᠩᠭᠢ ᠶᠢᠨ ᠬᠡᠷᠡᠭᠯᠡᠭᠡᠨ ᠤ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠤᠨ᠂ ᠵᠠᠰᠠᠭ ᠠᠷᠠᠳ ᠤᠨ ᠬᠠᠷᠢᠯᠴᠠᠨ ᠦᠢᠯᠡᠳᠦᠯᠴᠡᠭᠰᠡᠨ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠢᠯᠡᠷᠡᠭᠦᠯᠵᠦ᠂ ᠠᠷᠠᠳ ᠣᠯᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠎ᠡ᠃ | ᠬᠤᠶᠠᠷ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠠᠶᠢᠲᠤᠷ ᠬᠢᠨ᠎ᠡ | ︵ᠭᠤᠷᠪᠠ︶ ᠭᠤᠤᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠨ᠎ᠡ᠃ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠶᠢᠨ | ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠴᠣᠭᠴᠠᠯᠠᠬᠤ᠂ ᠰᠢᠨᠵᠢᠯᠡᠬᠦ | ᠤᠬᠠᠭᠠᠨ ᠮᠡᠷᠭᠡᠵᠢᠯ ᠤᠨ ᠬᠤᠲᠠ ᠶᠢ ᠪᠥᠲᠥᠭᠡᠨ ᠪᠠᠶᠢᠭᠤᠯᠬᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠳᠥᠯᠭᠢᠨ ᠠᠬᠢᠭᠤᠯᠬᠤ᠂ ᠳᠡᠭᠡᠳᠦ ᠲᠠᠰ ᠤᠨ | ᠦᠢᠯᠡᠳᠬᠦ ᠦᠢᠯᠡᠰ ᠢ ᠬᠥᠭᠵᠢᠭᠦᠯᠬᠦ ᠵᠡᠷᠭᠡ ᠭᠤᠣᠯᠳᠠᠯᠭ᠎ᠠ ᠶᠢᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠨ᠎ᠠ᠃ ︽︿ᠵᠢᠷᠭᠤᠭᠠᠨ | ᠶᠡᠭᠡ ᠠᠵᠤ ᠦᠢᠯᠡᠰ ᠤᠨ ᠪᠦᠭᠡᠮᠨᠡᠷᠡᠯ﹀ + ᠣᠲᠣ ᠦᠶ᠎ᠡ ᠶᠢᠨ ᠦᠢᠯᠡᠴᠢᠯᠡᠭᠡᠨ ᠤ ᠦᠢᠯᠡᠰ︾ ᠤᠨ ᠠᠵᠤ ᠦᠢᠯᠡᠰ ᠤᠨ ᠬᠥᠭᠵᠢᠯᠲᠡ ᠶᠢᠨ ᠮᠡᠳᠡᠭᠡ ᠵᠠᠩᠭᠢ ᠶᠢ | ᠢᠯᠡ ᠪᠣᠯᠭᠠᠬᠤ ᠶᠢ ᠰᠠᠶᠢᠲᠤᠷ ᠬᠢᠵᠦ᠂ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠦᠷ᠎ᠡ ᠠᠰᠢᠭ ᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ︽ᠨᠢᠭᠡ ᠪᠠᠷ ᠭᠤᠤᠯ ᠪᠣᠯᠭᠠᠵᠤ ᠨᠢᠭᠡ ᠪᠠᠷ ᠳᠡᠳ᠋ᠯᠡᠭᠦᠯᠬᠦ︾᠂ ︽ᠨᠢᠭᠡ ᠴᠥᠮ᠎ᠡ ᠬᠤᠶᠠᠷ ᠵᠢᠭᠦᠷ︾ ᠤᠨ | ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠴᠠᠭ ᠲᠤᠬᠠᠶ ᠳᠤᠨᠢ ᠢᠯᠡ ᠪᠣᠯᠭᠠᠵᠤ᠂ ︽ᠨᠢᠭᠡ ᠬᠥᠨᠳᠡᠯᠡᠨ᠂ ᠬᠤᠶᠠᠷ ᠭᠤᠯᠳᠤ᠂ ᠳᠥᠷᠪᠡᠨ ᠴᠠᠭᠠᠷᠢᠭ᠂ | ᠭᠤᠷᠪᠠᠨ ᠬᠦᠢᠰᠦ︾ ᠶᠢᠨ ᠬᠤᠲᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠪᠠ ︽ᠬᠤᠶᠠᠷ ᠬᠠᠯᠬᠠᠪᠴᠢ᠂ ᠳᠥᠷᠪᠡᠨ ᠪᠦᠰᠡ︾ | ᠶᠢᠨ ᠬᠤᠲᠠ ᠶᠢᠨ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠲᠡᠭᠦᠯᠳᠡᠷᠵᠢᠭᠦᠯᠦᠨ᠎ᠡ᠃ | ︵ᠳᠥᠷᠪᠡ︶ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠪᠣᠯᠭᠠᠨ᠎ᠠ᠃ | ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠲᠣᠶᠢᠯᠪᠣᠷᠢᠲᠠᠢ ᠪᠠᠶᠢᠴᠠᠭᠠᠬᠤ ᠠᠵᠢᠯᠯᠠᠭ᠎ᠠ᠂ ︽ᠬᠠᠭᠠᠰ ᠳᠤᠲᠠᠭᠤ︾ ᠢᠨᠵᠧᠨᠧᠷᠢᠩ ᠤᠨ ᠲᠣᠶᠢᠯᠪᠣᠷᠢᠲᠠᠢ | ᠪᠠᠶᠢᠴᠠᠭᠠᠬᠤ ᠠᠵᠢᠯᠯᠠᠭ᠎ᠠ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠲᠣᠶᠢᠯᠪᠣᠷᠢᠲᠠᠢ ᠪᠠᠶᠢᠴᠠᠭᠠᠬᠤ ᠲᠤᠰᠬᠠᠶ ᠵᠦᠢᠯ ᠤᠨ ᠠᠵᠢᠯᠯᠠᠭ᠎ᠠ᠂ ᠨᠡᠭᠡᠭᠡᠯᠲᠡ ᠶᠢᠨ | ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠤᠨ ᠲᠣᠶᠢᠯᠪᠣᠷᠢᠲᠠᠢ ᠪᠠᠶᠢᠴᠠᠭᠠᠬᠤ ᠠᠵᠢᠯᠯᠠᠭ᠎ᠠ᠂ ᠵᠥᠪᠰᠢᠶᠡᠷᠡᠭᠰᠡᠨ ᠪᠠᠶᠢᠲᠠᠯ᠎ᠠ | ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢᠨ ᠲᠣᠶᠢᠯᠪᠣᠷᠢᠲᠠᠢ ᠪᠠᠶᠢᠴᠠᠭᠠᠬᠤ ᠰᠢᠩᠭᠡᠭᠡᠨ ᠰᠢᠢᠳᠪᠦᠷᠢᠯᠡᠬᠦ ᠠᠵᠢᠯ ᠤᠨ ᠲᠣᠭᠤᠷᠢᠨ ᠳᠤ᠂ | ᠲᠦᠷᠢᠮ ᠤᠨ ᠪᠠᠶᠢᠭᠤᠯᠤᠯᠲᠠ᠂ ᠠᠵᠢᠯ ᠤᠨ ᠠᠬᠢᠭᠤᠯᠤᠯ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠨ᠎ᠡ᠃ | ︵ᠲᠠᠪᠤ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠮᠡᠳᠡᠭᠡ ᠵᠠᠩᠭᠢ ᠶᠢ ᠢᠯᠡ ᠪᠣᠯᠭᠠᠨ᠎ᠠ᠃ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ ᠤᠷᠢᠬᠤ ᠲᠥᠷᠥᠯ ᠵᠦᠢᠯ᠂ ᠪᠠᠯᠠ ᠣᠷᠣᠭᠤᠯᠤᠯᠲᠠ ᠶᠢᠨ ᠥᠪᠡᠷ ᠤᠨ ᠥᠷᠲᠡᠭ᠂ ᠵᠠᠮ ᠬᠠᠷᠢᠯᠴᠠᠭ᠎ᠠ᠂ | ᠴᠢᠳᠠᠪᠤᠷᠢᠲᠠᠨ ᠵᠡᠷᠭᠡ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ᠳᠠᠪᠠᠭᠤᠯᠢᠭ ᠪᠠ | ᠣᠨᠴᠠᠯᠢᠭᠲᠤ ᠠᠵᠤ ᠦᠢᠯᠡᠰ ᠤᠨ ᠪᠠᠶᠢᠳᠠᠯ ᠵᠡᠷᠭᠡ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ ᠢᠯᠡ | ᠪᠣᠯᠭᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠮᠥᠩᠭᠦ ᠶᠢᠨ ᠨᠥᠬᠦᠪᠥᠷᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠠᠵᠢᠯ | ᠲᠥᠷᠥᠯ ᠤᠨ ᠬᠠᠪᠰᠤᠷᠤᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃ | ᠭᠤᠷᠪᠠ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠬᠠᠮᠢᠶᠠᠷᠤᠯᠲᠠ ᠵᠢᠴᠢ ᠢᠯᠡ ᠪᠣᠯᠭᠠᠬᠤ ᠶᠢ ᠰᠠᠶᠢᠲᠤᠷ ᠬᠢᠨ᠎ᠡ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ ᠬᠢᠨ᠎ᠠ᠃ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠯᠠᠨ | ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ | ᠰᠠᠨᠠᠯ ᠬᠤᠷᠢᠶᠠᠬᠤ ᠨᠣᠤᠷᠠᠭ ᠢ ᠴᠠᠭ ᠲᠤᠬᠠᠶ ᠳᠤᠨᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠥᠰᠦᠯ ᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠲᠤᠷ | ᠬᠢᠵᠦ᠂ ᠰᠠᠨᠠᠯ ᠬᠤᠷᠢᠶᠠᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ | ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ᠰᠠᠨᠠᠯ ᠬᠤᠷᠢᠶᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ | ᠣᠯᠠᠨ ᠨᠡᠶᠢᠲᠡ ᠶᠢᠨ ᠬᠠᠷᠢᠭᠤ ᠲᠤᠰᠬᠠᠭᠰᠠᠨ ᠪᠠᠶᠢᠳᠠᠯ ᠢ ᠲᠥᠷᠥ ᠶᠢᠨ ᠪᠣᠳᠣᠯᠭ᠎ᠠ ᠲᠣᠭᠲᠠᠭᠠᠬᠤ ᠳᠤᠮᠳᠠ ᠪᠦᠲᠦᠮᠵᠢᠲᠡᠶ ᠢᠯᠡᠷᠡᠭᠦᠯᠬᠦ ᠬᠡᠷᠡᠭᠲᠡᠶ᠃ | ᠰᠢᠢᠳᠪᠦᠷᠢᠲᠦ ᠪᠣᠳᠣᠯᠭ᠎ᠠ ᠶᠢ ᠢᠯᠡ ᠪᠣᠯᠭᠠᠬᠤ ᠶᠢ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠬᠠᠮᠢᠶᠠᠷᠤᠯᠲᠠ ᠶᠢ ᠰᠠᠶᠢᠲᠣᠷ | ᠬᠢᠨ᠎ᠡ᠃ | ︵ᠳᠣᠯᠤᠭ᠎ᠠ︶ ᠴᠢᠬᠤᠯᠠ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠢᠯᠡ ᠪᠣᠯᠭᠠᠬᠤ ᠶᠢ ᠠᠬᠢᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ | ᠪᠦᠲᠦᠮᠵᠢᠲᠡᠶ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠥᠪᠯᠡᠷᠡᠭᠦᠯᠦᠨ ᠵᠢᠷᠤᠮᠵᠢᠭᠤᠯᠵᠤ ᠢᠯᠡ ᠪᠣᠯᠭᠠᠬᠤ ᠶᠢ ᠰᠠᠶᠢᠲᠤᠷ ᠬᠢᠵᠦ᠂ ᠵᠠᠰᠠᠭ ᠤᠨ | ᠣᠷᠳᠣᠨ ᠤ ᠲᠦᠷᠢᠮ ᠲᠣᠭᠲᠠᠭᠠᠯ ᠤᠨ ᠬᠥᠮᠥᠷᠭᠡ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠤᠰᠬᠠᠶ ᠪᠤᠯᠤᠩ ᠳᠤ ᠲᠦᠰᠢᠭᠯᠡᠨ᠂ ᠲᠣᠰ ᠭᠠᠵᠠᠷ ᠣᠷᠣᠨ ᠲᠣᠰ ᠰᠠᠯᠠᠭ᠎ᠠ | ᠮᠥᠴᠢᠷ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠥᠮᠥᠷᠭᠡ ᠶᠢ | ᠪᠠᠶᠢᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠠᠷᠴᠠᠭ ᠢ | ᠲᠥᠪᠯᠡᠷᠡᠭᠦᠯᠦᠨ ᠢᠯᠡ ᠪᠣᠯᠭᠠᠵᠤ᠂ ᠲᠤᠭᠲᠠᠭᠠᠭᠰᠠᠨ ᠥᠭᠡᠷᠡᠴᠢᠯᠡᠭᠰᠡᠨ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ | ᠴᠢᠨᠠᠷᠲᠠᠶ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠰᠢᠨᠡᠳᠬᠡᠵᠦ᠂ ᠴᠢᠨᠠᠷ ᠰᠠᠶᠢᠲᠠᠶ ᠨᠡᠶᠢᠲᠡᠯᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠥᠷᠥᠯ ᠬᠤᠪᠢᠶᠠᠨ ᠳᠡᠯᠭᠡᠨ ᠦᠵᠡᠭᠦᠯᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯ ᠰᠡᠳᠦᠪ ᠤᠨ ᠬᠤᠪᠢᠶᠠᠷᠢᠯᠠᠯ ᠢ ᠦᠷᠭᠦᠯᠵᠢᠯᠡᠨ | ᠳᠣᠭᠢᠷᠠᠭᠤᠯᠤᠨ ᠰᠢᠯᠢᠳᠡᠭᠵᠢᠭᠦᠯᠵᠦ᠂ ᠬᠦᠴᠦᠨᠲᠤ ᠴᠢᠨᠠᠷ ᠪᠤᠶᠤ ᠬᠦᠴᠦᠨ ᠪᠦᠬᠦ ᠬᠤᠭᠤᠴᠠᠭ᠎ᠠ ᠶᠢ ᠢᠯᠡᠳᠲᠡ ᠢᠯᠡᠳᠬᠡᠨ᠎ᠡ᠃ | ᠪᠥᠬᠦ ᠬᠤᠲᠠ ᠶᠢᠨ ᠨᠢᠭᠡᠳᠦᠯᠲᠡᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠵᠤ᠂ ᠬᠤᠲᠠ᠂ ᠬᠤᠰᠢᠭᠤ ᠰᠢᠶᠠᠨ | ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠲᠥᠪᠯᠡᠷᠡᠭᠦᠯᠦᠨ ᠴᠤᠭᠯᠠᠭᠤᠯᠵᠤ᠂ ᠲᠥᠷᠥᠯ ᠬᠤᠪᠢᠶᠠᠨ ᠳᠡᠯᠭᠡᠨ ᠦᠵᠡᠭᠦᠯᠵᠦ᠂ ᠨᠢᠭᠡ ᠯᠡ ᠲᠣᠪᠴᠢ ᠪᠠᠷ ᠪᠠᠶᠢᠴᠠᠭᠠᠨ ᠯᠠᠪᠯᠠᠬᠤ ᠶᠢ | ᠬᠡᠷᠡᠭᠵᠢᠭᠦᠯᠦᠨ᠎ᠡ᠃ ᠪᠥᠬᠦ ᠲᠠᠯ᠎ᠠ ᠪᠠᠷ ᠨᠠᠷᠢᠨ ᠨᠢᠮᠪᠠᠶ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠪᠦᠷᠢᠨ ᠪᠥᠷᠬᠦᠭᠦᠯᠬᠦ᠂ | ᠬᠦᠴᠦᠨ ᠵᠦᠢᠯ ᠢ ᠪᠦᠷᠢᠨ ᠪᠠᠶᠢᠯᠭᠠᠬᠤ᠂ ᠲᠥᠷᠥᠯ ᠬᠤᠪᠢᠶᠠᠨ ᠣᠨᠣᠪᠴᠢᠲᠠᠶ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ ᠨᠠᠢᠮᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠲᠥᠷᠥ ᠶᠢᠨ ᠪᠣᠳᠣᠯᠭ᠎ᠠ ᠶᠢ ᠤᠩᠰᠢᠨ | ᠲᠠᠶᠢᠯᠪᠤᠷᠢᠯᠠᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠡᠷᠭᠡ ᠳᠤᠨᠢ ᠲᠤᠭᠤᠷᠪᠢᠬᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠬᠤ᠂ ᠵᠡᠷᠭᠡ ᠳᠤᠨᠢ ᠨᠡᠶᠢᠲᠡᠯᠡᠬᠦ | ︽ᠭᠤᠷᠪᠠ ᠶᠢ ᠵᠡᠷᠭᠡ ᠳᠤᠨᠢ ᠪᠠᠶᠢᠯᠭᠠᠬᠤ︾ ᠶᠢ ᠪᠠᠷᠢᠮᠲᠠᠯᠠᠨ᠂ ︽ᠤᠩᠰᠢᠨ ᠲᠠᠶᠢᠯᠪᠤᠷᠢᠯᠠᠬᠤ ᠶᠣᠰᠣᠲᠠᠶ ᠶᠢ ᠨᠢ ᠪᠦᠬᠦᠨ ᠢ ᠤᠩᠰᠢᠨ ᠲᠠᠶᠢᠯᠪᠤᠷᠢᠯᠠᠬᠤ︾ ᠶᠢ | ᠪᠡᠶᠡᠯᠡᠭᠦᠯᠦᠨ᠎ᠡ᠃ ᠲᠠᠶᠢᠯᠤᠮᠵᠢ ᠬᠢᠬᠦ ᠮᠠᠲ᠋ᠧᠷᠢᠶᠠᠯ ᠳᠤ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ | ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ | ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠮᠥᠨ ᠴᠢᠨᠠᠷ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠶᠢ | ᠬᠡᠷᠡᠭᠯᠡᠨ᠂ ᠵᠢᠷᠤᠭ ᠤᠨ ᠲᠠᠶᠢᠯᠪᠤᠷᠢ᠂ ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢ ᠬᠡᠷᠡᠭᠯᠡᠨ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠯᠣᠭᠤᠳᠣᠯᠭ᠎ᠠ ᠶᠢ ᠲᠣᠳᠣᠷᠬᠠᠶ ᠬᠠᠩᠭᠠᠬᠤ ᠶᠢᠨ ᠬᠠᠮᠲᠤ ᠨᠡᠶᠢᠭᠡᠮ ᠤᠨ ᠠᠩᠬᠠᠷᠤᠯ ᠳᠤ ᠢᠳᠡᠪᠬᠢᠲᠡᠶ ᠪᠠᠷ ᠬᠠᠷᠢᠭᠤᠯᠲᠠ | ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠪᠥᠬᠦ ᠲᠠᠯ᠎ᠠ ᠪᠠᠷ ᠣᠨᠣᠪᠴᠢᠲᠠᠶ ᠳᠠᠮᠵᠢᠭᠤᠯᠤᠨ᠎ᠠ᠃ | ᠳᠥᠷᠪᠡ᠂ ᠪᠠᠷᠢᠮᠵᠢᠶᠠᠵᠢᠭᠤᠯᠬᠤ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠤᠨ ᠰᠠᠭᠤᠷᠢ ᠪᠠᠨ ᠪᠠᠳᠤᠳᠬᠠᠨ᠎ᠠ | ︵ᠶᠢᠰᠦ︶ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ | ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ | ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠪᠠᠷ ᠰᠠᠭᠤᠷᠢ ᠪᠣᠯᠭᠠᠨ᠂ ᠮᠠᠨ ᠤ ᠬᠤᠲᠠ ᠶᠢᠨ ᠲᠤᠷᠰᠢᠯᠲᠠ ᠶᠢᠨ ᠠᠵᠢᠯ ᠤᠨ ᠲᠤᠷᠰᠢᠯᠭ᠎ᠠ ᠬᠢᠳᠡᠯ ᠲᠠᠢ | ᠤᠶᠠᠯᠳᠤᠭᠤᠯᠵᠤ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠵᠢᠯᠲᠠ ᠲᠠᠢ ᠲᠤᠷᠰᠢᠯᠭ᠎ᠠ ᠪᠠᠨ | ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠭᠦᠢᠴᠡᠳᠬᠡᠬᠦ | ᠴᠢᠳᠠᠪᠤᠷᠢ ᠪᠠ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ | ︵ᠠᠷᠪᠠ︶ ᠭᠤᠶᠤᠴᠢᠯᠠᠯ ᠢᠶᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠤᠨ ᠦᠵᠡᠯᠲᠡ ᠪᠠᠨ ᠬᠤᠪᠢᠷᠠᠭᠤᠯᠵᠤ | ᠂ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶᠡᠨ ᠳᠤ | ᠬᠠᠩᠭᠠᠨ᠎ᠠ᠃ ᠭᠤᠶᠤᠴᠢᠯᠠᠭᠴᠢ ᠯᠤᠭ᠎ᠠ ᠶᠢᠨ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ | ᠣᠨᠣᠪᠴᠢᠲᠠᠶ ᠤᠶᠢᠯᠠᠭᠠᠨ᠂ ᠰᠢᠢᠳᠪᠦᠷᠢᠯᠡᠵᠦ ᠬᠠᠷᠢᠭᠤᠯᠲᠠ ᠥᠭᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠶᠤᠴᠢᠯᠠᠯ ᠢᠶᠠᠷ ᠢᠯᠡ ᠪᠠᠷ ᠭᠦᠢᠴᠡᠳᠬᠡᠬᠦ | ᠳᠤᠮᠳᠠᠬᠢ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ | ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠶᠤᠴᠢᠯᠠᠯ ᠢᠶᠠᠷ ᠢᠯᠡ ᠪᠠᠷ ᠬᠠᠷᠢᠭᠤᠯᠲᠠ ᠥᠭᠬᠦ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠬᠤ ᠠᠵᠢᠯ ᠳᠤ ᠲᠡᠳᠡᠨ ᠢ ᠣᠷᠣᠯᠴᠠᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠬᠦ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠮᠠᠷᠭᠤᠯᠳᠤᠭᠠᠨ ᠡᠭᠦᠰᠬᠦ ᠨᠤᠷᠮ᠎ᠠ᠂ ᠪᠤᠷᠤᠭᠤ ᠶᠢ ᠵᠠᠯᠠᠷᠠᠭᠤᠯᠵᠤ ᠵᠠᠷᠭᠤ | ᠢᠯᠠᠭᠳᠠᠬᠤ ᠨᠤᠷᠮ᠎ᠠ ᠶᠢ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠠᠷᠤ ᠳᠤ ᠣᠷᠣᠰᠢᠵᠤ ᠪᠠᠶᠢᠭ᠎ᠠ | ᠪᠣᠳᠠᠲᠠᠶ ᠠᠰᠠᠭᠤᠳᠠᠯ ᠢ ᠬᠢᠨᠠᠮᠠᠭᠠᠶ ᠰᠤᠳᠤᠯᠬᠤ ᠶᠢᠨ ᠬᠠᠮᠲᠤ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠢᠯᠡ ᠪᠣᠯᠭᠠᠬᠤ ᠪᠠᠷ ᠭᠤᠶᠤᠴᠢᠯᠠᠭᠰᠠᠨ ᠤᠳᠠᠭ᠎ᠠ ᠨᠢ | ᠥᠨᠳᠥᠷ ᠪᠠᠶᠢᠬᠤ ᠪᠢᠴᠢᠭ ᠮᠠᠲ᠋ᠧᠷᠢᠶᠠᠯ ᠢ ᠦᠨᠡᠯᠡᠨ ᠵᠢᠱᠢᠵᠦ ᠬᠢᠨᠠᠨ ᠪᠠᠶᠢᠴᠠᠭᠠᠵᠤ᠂ ᠪᠠᠶᠢᠳᠠᠯ ᠤᠨ ᠬᠤᠪᠢᠷᠠᠯᠲᠠ ᠠᠴᠠ ᠪᠣᠯᠵᠣ ᠢᠯᠡ ᠪᠣᠯᠭᠠᠵᠤ ᠪᠣᠯᠬᠤ ᠶᠢ ᠨᠢ | ᠢᠯᠡ ᠪᠣᠯᠭᠠᠨ᠎ᠠ᠃ | ︵ᠠᠷᠪᠠᠨ ᠨᠢᠭᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠡᠭᠦᠷᠭᠡ ᠶᠢ ᠬᠢᠨᠠᠮᠠᠭᠠᠶ | ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠯᠤᠰ ᠤᠨ ᠶᠠᠮᠤᠨ ᠵᠥᠪᠯᠡᠯ ᠤᠨ ᠨᠡᠶᠢᠲᠡᠯᠡᠭᠰᠡᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠵᠢᠯᠣᠭᠤᠳᠣᠯᠭ᠎ᠠ ᠶᠢ | ᠬᠢᠨᠠᠮᠠᠭᠠᠶ ᠡᠮᠬᠢᠯᠡᠵᠦ᠂ ᠲᠣᠰ ᠭᠠᠵᠠᠷ ᠣᠷᠣᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ | ᠪᠣᠯᠭᠠᠬᠤ ᠭᠠᠷᠴᠠᠭ ᠢ ᠡᠮᠬᠢᠯᠡᠵᠦ ᠲᠡᠭᠦᠯᠳᠡᠷᠵᠢᠭᠦᠯᠦᠨ᠂ ᠴᠠᠭ ᠲᠤᠬᠠᠶ ᠳᠤᠨᠢ ᠲᠥᠪᠯᠡᠷᠡᠭᠦᠯᠦᠨ ᠨᠢᠭᠡᠳᠦᠯᠲᠡᠶ ᠨᠡᠶᠢᠭᠡᠮ ᠳᠤ ᠢᠯᠡ ᠪᠣᠯᠭᠠᠨ᠎ᠠ᠃ | ᠲᠠᠪᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠤᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ | ︵ᠠᠷᠪᠠᠨ ᠬᠤᠶᠠᠷ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ ᠢᠯᠡ ᠪᠣᠯᠭᠠᠨ᠎ᠠ᠃ ᠳᠡᠭᠡᠳᠦ ᠰᠤᠷᠭᠠᠭᠤᠯᠢ | ᠲᠡᠭᠦᠰᠦᠭᠰᠡᠳ᠂ ᠠᠵᠢᠯ ᠠᠯᠳᠠᠭᠰᠠᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠲᠤ ᠴᠢᠭᠯᠡᠭᠦᠯᠦᠨ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠦᠷᠦ ᠶᠢᠨ ᠪᠤᠳᠤᠯᠭ᠎ᠠ ᠵᠢᠴᠢ ᠦᠢᠯᠡᠴᠢᠯᠡᠭᠡᠨ ᠤ ᠮᠡᠳᠡᠭᠡ ᠵᠠᠩᠭᠢ | ᠨᠡᠶᠢᠲᠡᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠠ ᠬᠦᠷᠭᠡᠬᠦ ᠶᠠᠰᠤ ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠰᠠᠭ ᠤᠨ ᠣᠷᠳᠣᠨ ᠤ ᠠᠯᠪᠠᠨ | ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ | ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ ᠬᠥᠮᠦᠰ ᠲᠤ ᠬᠠᠮᠢᠶ᠎ᠠ ᠪᠥᠬᠦᠶ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ | ᠮᠡᠳᠡᠭᠦᠯᠬᠦ ᠶᠢᠨ ᠬᠠᠮᠲᠤ ᠣᠯᠭᠤᠨ᠎ᠠ᠃ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠮᠡᠳᠡᠭᠦᠯᠦᠨ ᠬᠦᠷᠭᠡᠬᠦ | ᠮᠠᠲ᠋ᠧᠷᠢᠶᠠᠯ᠂ ᠠᠵᠢᠯ ᠤᠨ ᠴᠤᠪᠤᠷᠠᠯ᠂ ᠴᠠᠭ ᠤᠨ ᠠᠬᠢᠴᠠ ᠵᠢᠴᠢ ᠦᠨᠡᠯᠡᠨ ᠲᠣᠭᠲᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ | ᠨᠡᠶᠢᠲᠡᠯᠡᠨ᠎ᠡ᠃ | ︵ᠠᠷᠪᠠᠨ ᠭᠤᠷᠪᠠ︶ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ ᠢᠯᠡ ᠪᠣᠯᠭᠠᠨ᠎ᠠ᠃ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ ᠬᠠᠶ᠋ᠢᠭ ᠪᠠ ᠠᠰᠠᠭᠤᠨ ᠯᠠᠪᠯᠠᠬᠤ ᠤᠲᠠᠰᠤ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ | ᠨᠡᠶᠢᠲᠡᠯᠡᠵᠦ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠨ᠎ᠡ᠃ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠵᠡᠮᠳᠡᠭᠴᠦᠳ ᠤᠨ ᠨᠥᠬᠦᠪᠥᠷᠢ᠂ ᠥᠨᠳᠥᠷ ᠨᠠᠰᠤᠨ ᠤ ᠨᠡᠮᠡᠭᠦᠷᠢ ᠵᠡᠷᠭᠡ ᠪᠠᠯᠠ ᠮᠥᠩᠭᠦ ᠣᠯᠭᠤᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠠᠷᠪᠠᠨ ᠳᠥᠷᠪᠡ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠬᠡᠰᠡᠭ | ᠬᠤᠪᠢᠶᠠᠬᠤ ᠬᠡᠪᠴᠢᠶ᠎ᠡ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠦᠷᠭᠦᠯᠵᠢᠯᠡᠨ ᠰᠠᠶᠢᠲᠤᠷ ᠬᠢᠨ᠎ᠠ᠃ ᠡᠷᠬᠡ ᠲᠡᠭᠰᠢ ᠲᠥᠪ ᠭᠤᠤᠯᠴᠢ ᠪᠠᠷ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠣᠮᠧᠷ ᠰᠤᠭᠤᠯᠬᠤ ᠲᠥᠷᠥ ᠶᠢᠨ ᠪᠣᠳᠣᠯᠭ᠎ᠠ᠂ ᠬᠡᠷᠡᠭᠰᠡᠬᠦ ᠮᠠᠲ᠋ᠧᠷᠢᠶᠠᠯ ᠵᠢᠴᠢ ᠨᠣᠮᠧᠷ ᠰᠤᠭᠤᠯᠬᠤ ᠦᠷ᠎ᠡ ᠳ᠋ᠦᠩ ᠤᠨ ᠮᠡᠳᠡᠭᠡ ᠵᠠᠩᠭᠢ ᠶᠢ | ᠴᠠᠭ ᠲᠤᠬᠠᠶ ᠳᠤᠨᠢ ᠨᠡᠶᠢᠲᠡᠯᠡᠨ᠎ᠡ᠃ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠮᠡᠳᠡᠭᠡ | ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ | ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ | ︵ᠠᠷᠪᠠᠨ ᠲᠠᠪᠤ︶ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ | ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ | ᠨᠡᠭᠡᠭᠡᠬᠦ ᠴᠠᠭ᠂ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ | ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠦᠯᠭᠡ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ | ᠬᠦᠷᠢᠶᠡᠨ ᠤ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ | ᠵᠢᠷᠭᠤᠭ᠎ᠠ᠂ ᠥᠨᠳᠥᠷ ᠦᠷ᠎ᠡ ᠪᠦᠲᠦᠮᠵᠢᠲᠡᠶ ᠵᠠᠰᠠᠯᠲᠠ ᠶᠢᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠨ᠎ᠡ | ︵ᠠᠷᠪᠠᠨ ᠵᠢᠷᠭᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ ᠬᠤᠲᠠ ᠶᠢᠨ ᠠᠭᠠᠷ ᠤᠨ ᠶᠠᠰᠤ ᠴᠢᠨᠠᠷ ᠢ | ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ ᠬᠡᠮᠵᠢᠬᠦ᠂ ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ | ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠨ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠠᠰᠠᠭᠤᠨ ᠯᠠᠪᠯᠠᠬᠤ ᠠᠵᠢᠯ ᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ | ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ | ᠰᠡᠷᠭᠡᠭ ᠪᠤᠰᠤ ᠠᠳᠡᠯ ᠤᠨ ᠭᠠᠮᠰᠢᠭ ᠤᠨ ᠲᠥᠷᠥᠯ ᠤᠨ ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭ᠎ᠠ ᠠᠪᠤᠭᠰᠠᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠵᠦ᠂ ᠴᠠᠭ ᠠᠭᠤᠷ ᠵᠢᠴᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ ᠢᠳᠡᠭᠡᠨ᠂ ᠡᠮ ᠤᠨ ᠵᠦᠢᠯ᠂ | ᠵᠠᠰᠠᠯ ᠴᠢᠮᠡᠭ ᠤᠨ ᠡᠳ᠋ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢ ᠢᠯᠡ | ᠪᠣᠯᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠵᠠᠮ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ ᠪᠣᠯᠭᠠᠬᠤ ᠪᠠᠷ ᠵᠢᠷᠤᠮᠵᠢᠯ ᠢ ᠠᠬᠢᠭᠤᠯᠤᠨ᠂ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠬᠠᠷᠢᠯᠴᠠᠬᠤ ᠰᠣᠯᠢᠯᠴᠠᠬᠤ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ | ᠠᠷᠠᠳ ᠤᠨ ᠰᠦᠯᠵᠢᠶ᠎ᠡ᠂ ᠸᠢᠴᠠᠲ ᠤᠨ ᠲᠠᠪᠴᠠᠩ ᠤᠨ ᠰᠦᠯᠵᠢᠶᠡᠨ ᠤ ᠢᠷᠭᠡᠳ ᠤᠨ ᠦᠯᠡᠳᠡᠭᠡᠭᠰᠡᠨ ᠦᠭᠡ ᠶᠢ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠵᠦ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠢᠯ ᠤᠨ ᠰᠤᠷᠲᠠᠯ ᠢᠶᠠᠨ | ᠦᠨᠡᠨᠬᠦ ᠰᠠᠶᠢᠵᠢᠷᠠᠭᠤᠯᠵᠤ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠳᠤ ᠨᠠᠷᠢᠨ ᠪᠣᠳᠠᠲᠠᠶ ᠬᠠᠷᠢᠭᠤᠯᠲᠠ ᠥᠭᠴᠦ᠂ | ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠴᠢᠩᠭ᠎ᠠ ᠰᠢᠢᠳᠪᠦᠷᠢᠯᠡᠵᠦ᠂ ᠠᠰᠠᠭᠤᠭᠰᠠᠨ ᠢ ᠨᠢ ᠬᠠᠷᠢᠭᠤᠯᠬᠤ ᠦᠭᠡᠢ᠂ ᠬᠤᠭᠤᠰᠣᠨ ᠦᠭᠡ ᠵᠤᠷᠰᠢᠯ ᠤᠨ | ᠦᠭᠡ ᠬᠡᠯᠡᠬᠦ᠂ ᠡᠩ ᠤᠨ ᠮᠠᠶ᠋ᠢᠭ ᠢᠶᠠᠷ ᠬᠠᠷᠢᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠨ᠎ᠠ᠃ | ᠲᠤᠯᠤᠭ᠎ᠠ᠂ ᠲᠠᠪᠴᠠᠩ ᠤᠨ ᠪᠠᠶᠢᠭᠤᠯᠤᠯᠲᠠ ᠶᠢᠨ ᠲᠣᠭᠤᠷᠢᠨ ᠳᠤ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ | ︵ᠠᠷᠪᠠ ᠶᠢᠰᠦ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠪᠤᠯᠤᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠢ ᠵᠢᠷᠤᠮᠵᠢᠭᠤᠯᠤᠨ ᠪᠠᠶᠢᠷᠢᠯᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ᠂ ᠮᠡᠳᠡᠭᠡ | ᠵᠠᠩᠭᠢ ᠶᠢ ᠢᠯᠡ ᠪᠣᠯᠭᠠᠬᠤ ᠵᠦᠭᠯᠡᠭᠦᠷ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ᠂ ᠮᠡᠳᠡᠭᠡ ᠵᠠᠩᠭᠢ ᠶᠢ ᠢᠯᠡ | ᠪᠣᠯᠭᠠᠬᠤ ᠣᠨ ᠤ ᠮᠡᠳᠡᠭᠦᠯᠦᠯᠲᠡ ᠵᠡᠷᠭᠡ ᠪᠤᠯᠤᠩ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ ᠬᠠᠮᠠᠭᠠᠯᠠᠬᠤ ᠶᠢ | ᠰᠠᠶᠢᠲᠤᠷ ᠬᠢᠨ᠎ᠠ᠃ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠴᠠᠭ ᠲᠤᠬᠠᠶ ᠳᠤᠨᠢ᠂ ᠲᠥᠪᠯᠡᠷᠡᠭᠦᠯᠦᠨ᠂ | ᠵᠢᠷᠤᠮᠵᠢᠭᠤᠯᠤᠨ ᠨᠡᠶᠢᠲᠡᠯᠡᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠬᠢᠨᠠᠮᠠᠭᠠᠶ ᠰᠤᠷᠤᠯᠴᠠᠨ ᠬᠡᠷᠡᠭᠵᠢᠭᠦᠯᠵᠦ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠲᠡᠭᠦᠯᠳᠡᠷᠵᠢᠭᠦᠯᠵᠦ᠂ ᠨᠢᠭᠤᠴᠠ ᠶᠢ ᠵᠠᠳᠠᠷᠠᠭᠤᠯᠬᠤ | ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠤᠨ ᠠᠭᠤᠯᠭ᠎ᠠ ᠶᠢᠨ ᠵᠥᠪ ᠣᠨᠣᠪᠴᠢᠲᠠᠶ᠂ ᠭᠤᠶᠤᠴᠢᠯᠠᠬᠤ ᠠᠷᠭ᠎ᠠ | ᠵᠠᠮ ᠢᠶᠠᠷ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠨ᠎ᠠ᠃ | ︵ᠬᠤᠷᠢ︶ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠴᠢᠨᠠᠷ ᠰᠠᠶᠢᠲᠠᠶ ᠰᠠᠶᠢᠲᠤᠷ ᠡᠷᠭᠢᠯᠡᠨ᠎ᠡ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ | ᠡᠷᠬᠡ ᠰᠦᠷᠲᠦ ᠪᠠᠷᠢᠮᠵᠢᠶᠠᠲᠤ ᠲᠣᠪᠬᠢᠮᠠᠯ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠶᠢᠷᠠᠭᠤᠯᠤᠨ ᠪᠢᠴᠢᠬᠦ ᠪᠠ ᠬᠦᠷᠭᠡᠨ ᠦᠵᠡᠭᠦᠯᠬᠦ ᠠᠵᠢᠯ ᠢ ᠦᠨᠡᠨᠬᠦ | ᠰᠠᠶᠢᠲᠤᠷ ᠬᠢᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠴᠢᠬᠤᠯᠠ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠮᠠᠲ᠋ᠧᠷᠢᠶᠠᠯ ᠪᠠ ᠰᠠᠯᠠᠭ᠎ᠠ ᠮᠥᠴᠢᠷ ᠤᠨ ᠴᠢᠬᠤᠯᠠ ᠪᠢᠴᠢᠭ ᠮᠠᠲ᠋ᠧᠷᠢᠶᠠᠯ ᠢ ᠰᠣᠩᠭᠤᠨ ᠨᠠᠶᠢᠷᠠᠭᠤᠯᠬᠤ ᠬᠡᠪᠴᠢᠶᠡᠨ ᠳᠤ ᠣᠷᠣᠭᠤᠯᠤᠨ᠎ᠠ᠃ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠯᠧᠺᠲᠷᠣᠨ ᠬᠡᠪᠯᠡᠯ ᠢ ᠵᠡᠷᠭᠡᠪᠡᠷ ᠰᠠᠶᠢᠲᠤᠷ ᠡᠷᠭᠢᠯᠡᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠳ᠋ᠠᠶᠢᠲ᠋ᠠ | ᠬᠥᠮᠥᠷᠭᠡ ᠶᠢ ᠲᠡᠭᠦᠯᠳᠡᠷᠵᠢᠭᠦᠯᠦᠨ᠎ᠡ᠃ ᠠᠯᠪᠠᠨ ᠮᠡᠳᠡᠭᠡ ᠶᠢ ᠭᠠᠷ ᠤᠲᠠᠰᠤᠨ ᠳᠤ ᠢᠳᠡᠪᠬᠢᠲᠡᠶ ᠪᠠᠷ ᠣᠷᠣᠭᠤᠯᠵᠤ᠂ ︽ᠠᠯᠠᠭᠠᠨ ᠳᠡᠭᠡᠷᠡᠬᠢ ᠠᠯᠪᠠᠨ ᠮᠡᠳᠡᠭᠡ︾ | ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠥᠯᠢᠶᠡᠨ ᠠᠪᠤᠭᠴᠢᠳ ᠤᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ︵ᠬᠤᠷᠢᠨ ᠨᠢᠭᠡ︶ ᠰᠦᠯᠵᠢᠶᠡᠨ ᠥᠷᠲᠡᠭᠡ ᠰᠢᠨ᠎ᠡ ᠵᠠᠭᠤᠴᠢᠯᠠᠭᠤᠷ ᠢ ᠬᠢᠨᠠᠨ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠬᠠᠷᠢᠯᠴᠠᠬᠤ ᠰᠣᠯᠢᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠶᠢᠨ ᠨᠠᠰᠤᠲᠠᠶᠢᠴᠤᠤᠯ ᠳᠤ ᠳᠣᠭᠢᠷᠠᠬᠤ ᠥᠭᠡᠷᠡᠴᠢᠯᠡᠯᠲᠡ ᠪᠠ ᠰᠠᠭᠠᠳ ᠥᠬᠡᠶ ᠦᠵᠡᠬᠦ ᠴᠢᠳᠠᠮᠵᠢ ᠶᠢ ᠰᠠᠶᠢᠲᠤᠷ ᠬᠢᠵᠦ᠂ ᠮᠡᠳᠡᠭᠡ ᠵᠠᠩᠭᠢ ᠶᠢ ᠴᠠᠭ | ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠣᠩᠭᠤᠯ ᠰᠦᠯᠵᠢᠶᠡᠨ ᠥᠷᠲᠡᠭᠡ ᠶᠢᠨ ᠠᠵᠢᠯ ᠢ | ᠴᠢᠩᠭᠠᠳᠬᠠᠵᠤ᠂ ᠮᠣᠩᠭᠤᠯ ᠰᠦᠯᠵᠢᠶᠡᠨ ᠥᠷᠲᠡᠭᠡ ᠶᠢᠨ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠪᠠᠲᠤᠯᠠᠨ᠂ ᠴᠢᠬᠤᠯᠠ ᠠᠭᠤᠯᠭ᠎ᠠ ᠶᠢ ᠣᠷᠴᠢᠭᠤᠯᠵᠤ | ᠳᠠᠮᠵᠢᠭᠤᠯᠤᠨ ᠲᠠᠷᠬᠠᠭᠠᠬᠤ ᠶᠢ ᠰᠠᠶᠢᠲᠤᠷ ᠬᠢᠵᠦ᠂ ᠮᠣᠩᠭᠤᠯ ᠬᠡᠪᠯᠡᠯ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠴᠠᠭ ᠲᠤᠬᠠᠶ ᠳᠤᠨᠢ ᠰᠢᠨᠡᠳᠬᠡᠵᠦ᠂ | ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠨᠠᠢᠮᠠ᠂ ᠬᠢᠨᠠᠯᠲᠠ ᠲᠠᠯᠪᠢᠬᠤ ᠪᠠᠲᠤᠯᠠᠭ᠎ᠠ ᠶᠢ ᠴᠢᠩᠭᠠᠷᠠᠭᠤᠯᠤᠨ᠎ᠠ | ︵ᠬᠤᠷᠢᠨ ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠤᠳᠤᠷᠢᠳᠬᠤ ᠳᠤᠭᠤᠶᠢᠯᠠᠩ ᠨᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠢᠯᠡ ᠪᠣᠯᠭᠠᠬᠤ ᠭᠤᠤᠯ ᠴᠣᠭᠴᠠ ᠶᠢ | ᠰᠢᠮᠳᠠᠭᠤᠯᠤᠨ ᠵᠢᠯᠣᠭᠤᠳᠴᠤ ᠠᠵᠢᠯᠲᠠᠨ᠂ ᠮᠡᠷᠭᠡᠵᠢᠯ᠂ ᠲᠥᠬᠦᠭᠡᠷᠦᠮᠵᠢ᠂ ᠵᠠᠷᠤᠳᠠᠯ ᠵᠡᠷᠭᠡ ᠶᠢᠨ ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠷᠢᠨ ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠭᠤᠤᠯᠳᠠᠯᠭ᠎ᠠ ᠶᠢ ᠲᠣᠭᠲᠠᠭᠠᠵᠤ᠂ ᠡᠭᠦᠷᠭᠡ ᠶᠢᠨ ᠵᠠᠳᠠᠯᠤᠯᠲᠠ ᠶᠢ ᠰᠠᠶᠢᠲᠤᠷ ᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠨ᠎ᠠ᠃ ᠡᠭᠦᠨ ᠤ ᠬᠠᠮᠲᠤ᠂ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠨ᠎ᠠ᠃ | |