ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠶᠢ ᠠᠬᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/16
      ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 11 ᠳ᠋ᠦ᠋ᠭᠡᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠶᠢ ᠠᠬᠢᠭᠤᠯᠬᠤ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                   2023 ᠣᠨ ᠤ 4 ᠳ᠋ᠦ᠋ᠭᠡᠷ ᠰᠠᠷ᠎ᠠ ᠶᠢᠨ 21 ᠤ ᠡᠳᠦᠷᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠶᠢ ᠠᠬᠢᠭᠤᠯᠬᠤ ᠠᠵᠢᠯ ᠤᠨ ᠲᠥᠰᠥᠯ      ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ︽︿ᠡᠷᠡᠭᠦᠯ ᠡᠩᠬᠡ ᠳᠤᠮᠳᠠᠳᠤ ᠤᠯᠤᠰ 2030﹀ ᠤᠨ ᠲᠥᠯᠦᠪᠵᠢᠭᠦᠯᠭᠡ ᠶᠢᠨ ᠬᠥᠲᠥᠯᠪᠦᠷᠢ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠲᠥᠬᠦᠮ ᠲᠥᠳᠡ ᠪᠠᠷ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ     ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠳᠤ ᠨᠡᠭᠡᠭᠡᠯᠲᠡ ᠬᠢᠬᠦ ᠶᠢ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠨᠡᠭᠡᠭᠡᠯᠲᠡ ᠬᠢᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ᠂ ︽ᠲᠠᠪᠤᠨ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ᠦᠵᠡᠰᠬᠦᠯᠡᠩᠲᠦ ᠰᠠᠶᠢᠬᠠᠨ ᠬᠦᠬᠡᠬᠤᠲᠠ · ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠣᠯᠠᠨ ᠨᠡᠶᠢᠲᠡ ᠳᠤ ᠦᠢᠯᠡᠴᠢᠯᠡᠵᠦ᠂ ᠨᠡᠶᠢᠲᠡ ᠶᠢᠨ ᠠᠰᠠᠷᠠᠮᠵᠢ ᠶᠢ ᠬᠠᠷᠠᠭᠤᠯᠤᠨ᠎ᠠ᠃ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠷᠠᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠪᠠᠷ ᠭᠤᠣᠯ ᠴᠣᠭᠴᠠ ᠪᠣᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠣᠷᠣᠯᠴᠠᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶᠢᠨ ᠬᠡᠪᠴᠢᠶ᠎ᠡ ᠶᠢ ᠪᠦᠲᠦᠮᠵᠢᠲᠡᠢ ᠥᠷᠭᠡᠳᠬᠡᠨ᠎ᠡ᠃      ︵ᠬᠤᠶᠠᠷ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠮᠬᠢ ᠵᠢᠷᠤᠮ ᠲᠠᠢ ᠪᠠᠷ ᠨᠡᠭᠡᠭᠡᠯᠲᠡ ᠬᠢᠨ᠎ᠡ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠰᠤᠷᠭᠠᠭᠤᠯᠢ ᠶᠢᠨ ᠪᠣᠳᠠᠲᠤ ᠨᠥᠬᠦᠴᠡᠯ ᠳᠤ ᠬᠠᠨᠳᠤᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠪᠦᠯᠦᠭ ᠬᠤᠪᠢᠶᠠᠨ ᠱᠠᠲᠤ ᠬᠤᠪᠢᠶᠠᠨ ᠡᠮᠬᠢ ᠵᠢᠷᠤᠮ ᠲᠠᠢ ᠨᠡᠭᠡᠭᠡᠵᠦ᠂ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠵᠤ ᠳᠡᠶᠢᠯᠬᠦ᠂ ᠪᠠᠲᠤᠯᠠᠭ᠎ᠠ ᠲᠠᠢ ᠡᠮᠬᠢ ᠵᠢᠷᠤᠮ ᠲᠠᠢ᠂ ᠦᠷᠭᠦᠯᠵᠢᠯᠡᠭᠰᠡᠨ ᠠᠬᠢᠴᠠ ᠲᠠᠢ ᠦᠢᠯᠡᠴᠢᠯᠡᠭᠡᠨ ᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ᠎ᠠ᠃      ︵ᠭᠤᠷᠪᠠ︶ ᠰᠤᠷᠭᠠᠭᠤᠯᠢ ᠳᠣᠲᠣᠷᠠᠬᠢ ᠪᠠᠨ ᠤᠷᠢᠳᠠᠪᠠᠷ ᠪᠣᠳᠣᠯᠬᠢᠯᠠᠵᠤ᠂ ᠠᠶᠤᠯᠭᠦᠢ ᠶᠢ ᠴᠢᠬᠤᠯᠠᠴᠢᠯᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠨᠢ ᠡᠩ ᠲᠡᠷᠢᠭᠦᠨ ᠳᠤ ᠲᠣᠰ ᠰᠤᠷᠭᠠᠭᠤᠯᠢ ᠶᠢᠨ ᠪᠠᠭᠰᠢ ᠰᠤᠷᠤᠭᠴᠢᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ︽ᠪᠡᠶ᠎ᠡ ᠪᠠᠨ ᠳᠠᠭᠠᠭᠠᠵᠤ᠂ ᠴᠠᠭ ᠰᠣᠩᠭᠤᠵᠤ︾ ᠨᠡᠭᠡᠭᠡᠯᠲᠡ ᠬᠢᠬᠦ ᠰᠢᠨ᠎ᠡ ᠬᠡᠪ ᠵᠠᠭᠪᠤᠷ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃      ᠭᠤᠷᠪᠠ᠂ ᠠᠵᠢᠯ ᠤᠨ ᠬᠠᠷᠠᠯᠲᠠ      ︵ᠨᠢᠭᠡ︶ 2023 ᠣᠨ ᠤ 5 ᠳ᠋ᠤᠭᠠᠷ ᠰᠠᠷ᠎ᠠ ᠶᠢᠨ 14 ᠤ ᠡᠳᠦᠷ ᠠᠴᠠ ᠡᠮᠦᠨ᠎ᠡ᠂ ᠨᠥᠬᠦᠴᠡᠯ ᠳᠤ ᠨᠡᠶᠢᠴᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠪᠦᠬᠦᠨ ᠢ ᠨᠡᠶᠢᠭᠡᠮ ᠳᠤ ᠨᠡᠭᠡᠭᠡᠨ᠎ᠡ᠃      ︵ᠬᠤᠶᠠᠷ︶ ᠠᠬᠢᠴᠠ ᠶᠢᠨ ᠪᠠᠶᠢᠳᠠᠯ ᠢ ᠦᠨᠳᠦᠰᠦᠯᠡᠨ᠂ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠭᠡᠷᠡᠴᠢᠯᠡᠬᠦ ᠪᠠᠷ ᠳᠡᠮᠵᠢᠨ ᠨᠡᠭᠡᠭᠡᠯᠲᠡ ᠬᠢᠬᠦ ᠨᠥᠬᠦᠴᠡᠯ ᠳᠤ ᠨᠡᠶᠢᠴᠡᠬᠦ ᠰᠤᠷᠭᠠᠭᠤᠯᠢ ᠶᠢᠨ ᠲᠠᠯᠠᠪᠤᠷ ᠤᠨ ᠪᠡᠯᠡᠳᠬᠡᠮᠵᠢ ᠶᠢ ᠪᠦᠬᠦᠨ ᠢ ᠭᠠᠳᠠᠭᠰᠢ ᠨᠡᠭᠡᠭᠡᠬᠦ ᠪᠠᠷ ᠲᠥᠯᠥᠪᠯᠡᠨ᠎ᠡ᠃      ︵ᠭᠤᠷᠪᠠ︶ 2025 ᠣᠨ ᠪᠣᠯᠬᠤ ᠳᠤ᠂ ᠬᠠᠮᠢᠶᠠᠷᠤᠯᠲᠠ ᠨᠢ ᠵᠢᠷᠤᠮᠵᠢᠭᠰᠠᠨ᠂ ᠦᠢᠯᠡᠴᠢᠯᠡᠭᠡ ᠨᠢ ᠪᠦᠲᠦᠮᠵᠢᠲᠡᠢ᠂ ᠬᠢᠨᠠᠯᠲᠠ ᠲᠠᠯᠪᠢᠬᠤ ᠨᠢ ᠬᠦᠴᠦᠲᠡᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ᠂ ᠰᠠᠯᠠᠭ᠎ᠠ ᠮᠥᠴᠢᠷ᠂ ᠰᠤᠷᠭᠠᠭᠤᠯᠢ ᠪᠠ ᠨᠡᠶᠢᠭᠡᠮ ᠤᠨ ᠬᠦᠴᠦᠨ ᠢ ᠬᠠᠷᠢᠯᠴᠠᠨ ᠵᠣᠯᠭᠠᠭᠤᠯᠤᠭᠰᠠᠨ ᠨᠡᠭᠡᠭᠡᠯᠲᠡ ᠶᠢᠨ ᠠᠵᠢᠯ ᠢ ᠠᠬᠢᠭᠤᠯᠬᠤ ᠲᠣᠭᠲᠠᠴᠠ ᠶᠢ ᠪᠣᠶ ᠪᠣᠯᠭᠠᠨ᠎ᠠ᠃      ᠳᠥᠷᠪᠡ᠂ ᠨᠡᠭᠡᠭᠡᠯᠲᠡ ᠬᠢᠬᠦ ᠱᠠᠭᠠᠷᠳᠠᠯᠭ᠎ᠠ      ︵ᠨᠢᠭᠡ︶ ᠨᠡᠭᠡᠭᠡᠯᠲᠡ ᠬᠢᠬᠦ ᠬᠦᠷᠢᠶ᠎ᠡ ᠬᠡᠪᠴᠢᠶ᠎ᠡ᠃ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠭᠡᠷ ᠤᠨ ᠭᠠᠳᠠᠨᠠᠬᠢ ᠲᠠᠯᠠᠪᠤᠷ ᠤᠨ ᠪᠡᠯᠡᠳᠬᠡᠮᠵᠢ᠂ ᠵᠢᠱᠢᠶᠡᠯᠡᠪᠡᠯ ᠪᠡᠶ᠎ᠡ ᠶᠢᠨ ᠲᠠᠮᠢᠷ ᠤᠨ ᠲᠠᠯᠠᠪᠠᠶ᠂ ᠪᠥᠮᠪᠥᠭᠡᠨ ᠲᠠᠯᠠᠪᠠᠢ᠂ ᠬᠦᠨᠳᠦ ᠬᠥᠩᠭᠡᠨ ᠲᠠᠮᠢᠷ ᠤᠨ ᠲᠠᠯᠠᠪᠠᠢ ᠶᠢᠨ ᠭᠦᠶᠦᠯᠲᠡ ᠶᠢᠨ ᠵᠠᠮ ᠵᠡᠷᠭᠡ ᠵᠠᠳᠠᠭᠠᠢ ᠲᠠᠯᠠᠪᠤᠷ ᠢ ᠨᠡᠶᠢᠭᠡᠮ ᠳᠤ ᠨᠡᠭᠡᠭᠡᠨ᠎ᠡ︔ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠢᠶᠠᠨ ᠨᠡᠶᠢᠭᠡᠮ ᠳᠤ ᠨᠡᠭᠡᠭᠡᠬᠦ ᠶᠢ ᠵᠣᠷᠢᠭᠵᠢᠭᠤᠯᠤᠨ᠎ᠠ᠃      ︵ᠬᠤᠶᠠᠷ︶ ᠨᠡᠭᠡᠭᠡᠯᠲᠡ ᠬᠢᠬᠦ ᠨᠥᠬᠦᠴᠡᠯ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠨᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠷᠣᠨ ᠲᠠᠢ ᠬᠠᠷᠢᠴᠠᠩᠭᠤᠢ ᠲᠤᠰᠠᠭᠠᠷ ᠪᠤᠶᠤ ︽ᠵᠥᠭᠡᠯᠡᠨ᠂ ᠬᠠᠲᠠᠭᠤ︾ ᠶᠢ ᠲᠤᠰᠠᠭᠠᠷᠯᠠᠵᠤ ᠪᠣᠯᠬᠤ᠂ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠨᠢ ᠰᠤᠷᠭᠠᠭᠤᠯᠢ ᠶᠢᠨ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠵᠢᠴᠢ ᠪᠤᠰᠤᠳ ᠠᠵᠢᠯ ᠤᠨ ᠶᠠᠪᠤᠭᠳᠠᠬᠤ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ︔ ᠲᠠᠯᠠᠪᠤᠷ ᠭᠠᠵᠠᠷ᠂ ᠪᠡᠯᠡᠳᠬᠡᠮᠵᠢ ᠪᠣᠯᠣᠨ ᠪᠠᠭᠠᠵᠢ ᠬᠡᠷᠡᠭᠰᠡᠯ ᠵᠡᠷᠭᠡ ᠨᠢ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠵᠦ᠂ ᠠᠶᠤᠯᠭᠦᠢ ᠨᠠᠶᠢᠳᠠᠪᠤᠷᠢᠲᠠᠢ ᠪᠠᠶᠢᠬᠤ ᠬᠡᠷᠡᠭᠲᠡᠢ᠃      ︵ᠭᠤᠷᠪᠠ︶ ᠨᠡᠭᠡᠭᠡᠯᠲᠡ ᠬᠢᠬᠦ ᠡᠲᠡᠭᠡᠳ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠃      ︵ᠳᠥᠷᠪᠡ︶ ᠨᠡᠭᠡᠭᠡᠯᠲᠡ ᠬᠢᠬᠦ ᠴᠠᠭ᠃ ᠪᠣᠳᠠᠲᠠᠢ ᠨᠡᠭᠡᠭᠡᠯᠲᠡ ᠬᠢᠬᠦ ᠴᠠᠭ᠂ ᠴᠠᠭ ᠤᠨ ᠤᠷᠲᠤ ᠶᠢ ᠡᠯ᠎ᠡ ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠬᠡᠷᠪᠡ ᠨᠡᠭᠡᠭᠡᠯᠲᠡ ᠬᠢᠬᠦ ᠨᠥᠬᠦᠴᠡᠯ ᠢ ᠪᠦᠷᠢᠳᠦᠭᠦᠯᠦᠭᠰᠡᠨ ᠦᠭᠡᠢ ᠪᠤᠶᠤ ᠨᠡᠭᠡᠭᠡᠯᠲᠡ ᠬᠢᠬᠦ ᠪᠠᠨ ᠲᠥᠷ ᠵᠣᠭᠰᠣᠭᠠᠭᠰᠠᠨ ᠪᠣᠯ ᠰᠤᠷᠭᠠᠭᠤᠯᠢ ᠶᠢᠨ ᠡᠭᠦᠳᠡ ᠵᠢᠴᠢ ᠪᠠᠶᠢᠭ᠎ᠠ ᠨᠡᠶᠢᠭᠡᠮ ᠲᠣᠭᠤᠷᠢᠭ ᠤᠨ ᠵᠠᠷᠯᠠᠯ ᠤᠨ ᠰᠠᠮᠪᠠᠷ᠎ᠠ᢭ᠳᠡᠭᠡᠷ᠎ᠡ ᠤᠷᠢᠳᠠᠪᠠᠷ ᠮᠡᠳᠡᠭᠳᠡᠬᠦ ᠬᠡᠷᠡᠭᠲᠡᠢ᠃      ︵ᠲᠠᠪᠤ︶ ᠨᠡᠭᠡᠭᠡᠯᠲᠡ ᠬᠢᠬᠦ ᠱᠠᠭᠠᠷᠳᠠᠯᠭ᠎ᠠ᠃ ᠶᠠᠮᠠᠷᠪᠠ ᠠᠷᠭ᠎ᠠ ᠮᠠᠶ᠋ᠢᠭ ᠢᠶᠠᠷ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠬᠤ ᠪᠤᠶᠤ ᠡᠷᠬᠢᠨ ᠲᠣᠭᠤᠷᠢᠨ ᠤ ᠠᠷᠠᠳ ᠣᠯᠠᠨ ᠤ ᠬᠡᠪ ᠤᠨ ᠠᠮᠢᠳᠤᠷᠠᠯ ᠢ ᠨᠥᠯᠥᠭᠡᠯᠡᠵᠦ ᠪᠣᠯᠬᠤ ᠦᠭᠡᠢ᠃ ᠡᠩᠬᠦᠷᠡᠢ ᠠᠮᠢᠲᠠᠨ᠂ ᠶᠠᠩᠵᠤᠤᠷ ᠲᠠᠮᠠᠬᠢ᠂ ᠬᠡᠲᠡ᠂ ᠴᠦᠳᠡᠩ ᠪᠠ ᠠᠶᠤᠯᠲᠠᠢ ᠪᠣᠳᠠᠰ ᠵᠡᠷᠭᠡ ᠶᠢ ᠰᠤᠷᠭᠠᠭᠤᠯᠢ ᠶᠢᠨ ᠬᠦᠷᠢᠶᠡᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠪᠡᠶ᠎ᠡ ᠴᠢᠬᠢᠷᠠᠭᠵᠢᠭᠤᠯᠬᠤ ᠬᠦᠮᠦᠰ ᠢ ᠠᠮᠠᠷᠬᠠᠨ ᠬᠠᠷᠰᠢᠯᠠᠬᠤ ᠪᠠ ᠰᠠᠨᠠᠭᠠᠨ ᠳᠤ ᠦᠭᠡᠢ ᠭᠡᠮᠲᠦᠭᠡᠬᠦ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃      ︵ᠵᠢᠷᠭᠤᠭ᠎ᠠ︶ ᠨᠡᠭᠡᠭᠡᠯᠲᠡ ᠬᠢᠬᠦ ᠠᠷᠭ᠎ᠠ᠃ ᠬᠠᠷᠢᠶ᠎ᠠ ᠣᠷᠣᠨ ᠠᠴᠠ ᠬᠠᠮᠢᠶᠠᠷᠬᠤ ᠵᠠᠷᠴᠢᠮ ᠶᠣᠰᠣᠭᠠᠷ᠂ ᠰᠤᠷᠭᠠᠭᠤᠯᠢ ᠨᠢ ᠪᠠᠶᠢᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠩ ᠪᠠᠯᠭᠠᠰᠤ ᠪᠤᠶᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠯᠦᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠵᠥᠪᠯᠡᠯᠴᠡᠭᠡᠷ ᠲᠣᠭᠲᠠᠨ᠎ᠠ᠃      ᠲᠠᠪᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ      ︵ᠨᠢᠭᠡ︶ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠄ ᠬᠢᠨᠠᠨ ᠵᠢᠯᠤᠭᠤᠳᠴᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃      ︵ᠬᠤᠶᠠᠷ︶ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠄ ᠬᠠᠷᠢᠶ᠎ᠠ ᠣᠷᠣᠨ ᠠᠴᠠ ᠬᠠᠮᠢᠶᠠᠷᠬᠤ ᠵᠠᠷᠴᠢᠮ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠤᠳᠤᠷᠢᠳᠤᠨ ᠵᠣᠬᠢᠴᠠᠭᠤᠯᠵᠤ᠂ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠰᠤᠷᠭᠠᠭᠤᠯᠢ ᠨᠤᠭᠤᠳ ᠬᠠᠷᠢᠭᠤᠴᠠᠬᠤ᠂ ᠨᠡᠶᠢᠭᠡᠮ ᠲᠣᠭᠤᠷᠢᠭ ᠣᠷᠣᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ︾ ᠠᠵᠢᠯ ᠤᠨ ᠪᠠᠶᠢᠳᠠᠯ ᠢ ᠪᠣᠶ ᠪᠣᠯᠭᠠᠨ᠎ᠠ᠃      ︵ᠭᠤᠷᠪᠠ︶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠄ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠪᠠᠶᠢᠳᠠᠯ ᠢ ᠣᠶᠢᠯᠠᠭᠠᠨ ᠪᠠᠶᠢᠴᠠᠭᠠᠵᠤ᠂ ᠣᠷᠣᠨ ᠪᠦᠰᠡ ᠪᠠ ᠰᠤᠷᠭᠠᠭᠤᠯᠢ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠥᠬᠦ ᠬᠤᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠴᠠᠭ ᠲᠤᠨᠢ ᠲᠣᠬᠢᠷᠠᠭᠤᠯᠤᠨ ᠮᠡᠳᠡᠭᠳᠡᠵᠦ᠂ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ ᠶᠢᠨ ᠨᠡᠷᠡᠰ ᠢ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠲᠡᠯᠡᠬᠦ ᠶᠢᠨ ᠬᠠᠮᠲᠤ ᠨᠡᠶᠢᠭᠡᠮ ᠳᠤ ᠨᠡᠭᠡᠭᠡᠯᠲᠡ ᠬᠢᠭᠰᠡᠨ ᠰᠤᠷᠭᠠᠭᠤᠯᠢ ᠶᠢ ᠵᠢᠯᠤᠭᠤᠳᠬᠤ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠪᠠ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃      ︵ᠳᠥᠷᠪᠡ︶ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠄ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠤᠨ ᠬᠠᠮᠵᠢᠯᠴᠠᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠵᠢᠯᠴᠠᠨ ᠵᠢᠯᠤᠭᠤᠳᠬᠤ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠪᠠ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ ᠳᠤ ᠰᠠᠨᠠᠭᠠᠴᠢᠯᠠᠭ᠎ᠠ ᠲᠠᠢ ᠦᠢᠯᠡᠴᠢᠯᠡᠭᠦᠯᠦᠨ᠎ᠡ᠃      ︵ᠲᠠᠪᠤ︶ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠨᠥᠬᠦᠴᠡᠯ ᠢ ᠪᠠᠶᠢᠴᠠᠭᠠᠨ ᠰᠤᠳᠤᠯᠵᠤ ᠦᠨᠡᠯᠡᠨ ᠵᠢᠱᠢᠬᠦ ᠠᠵᠢᠯ ᠢ ᠬᠠᠷᠢᠭᠤᠴᠠᠨ ᠰᠠᠶᠢᠲᠤᠷ ᠬᠢᠵᠦ᠂ ᠰᠤᠷᠭᠠᠭᠤᠯᠢ ᠶᠢ ᠵᠢᠯᠣᠭᠤᠳᠤᠨ ᠬᠠᠮᠢᠶ᠎ᠠ ᠪᠦᠬᠦᠢ ᠳᠦᠷᠢᠮ ᠪᠠ ᠨᠡᠭᠡᠭᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠰᠤᠷᠭᠠᠭᠤᠯᠢ ᠶᠢᠨ ᠨᠡᠷᠡᠰ ᠢ ᠲᠣᠭᠲᠠᠭᠠᠵᠤ᠂ ᠨᠡᠷᠡᠰ ᠤᠨ ᠵᠢᠭᠰᠠᠭᠠᠯᠲᠠ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠪᠠᠨ ᠨᠡᠶᠢᠭᠡᠮ ᠳᠤ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠵᠢᠯᠣᠭᠤᠳᠣᠨ ᠰᠢᠮᠳᠠᠭᠤᠯᠤᠨ᠎ᠠ᠃      ︵ᠵᠢᠷᠭᠤᠭ᠎ᠠ︶ ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠄ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ ᠵᠢᠴᠢ ᠡᠷᠬᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠪᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠳᠣᠯᠤᠭ᠎ᠠ︶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠄ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠣᠯᠪᠠᠰᠤᠨ ᠢᠶᠠᠷ ᠪᠡᠶ᠎ᠡ ᠴᠢᠭᠢᠷᠠᠭᠵᠢᠭᠤᠯᠬᠤ ᠶᠢ ᠤᠬᠠᠭᠤᠯᠬᠤ ᠪᠠ ᠬᠥᠲᠥᠯᠥᠨ ᠵᠢᠯᠤᠭᠤᠳᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠰᠤᠷᠭᠠᠭᠤᠯᠢ ᠳᠤ ᠣᠷᠤᠪᠠᠯ ᠡᠳ᠋ ᠬᠥᠷᠥᠩᠭᠡ ᠶᠢ ᠬᠠᠶᠢᠷᠠᠯᠠᠨ ᠬᠠᠮᠠᠭᠠᠯᠠᠬᠤ᠂ ᠠᠶᠤᠯᠭᠦᠢ ᠪᠠᠷ ᠪᠡᠶ᠎ᠡ ᠪᠠᠨ ᠴᠢᠬᠢᠷᠠᠭᠵᠢᠭᠤᠯᠬᠤ ᠬᠥᠮᠦᠵᠢᠯ ᠵᠢᠴᠢ ᠪᠡᠶ᠎ᠡ ᠴᠢᠭᠢᠷᠠᠭᠵᠢᠭᠤᠯᠬᠤ ᠳᠤ ᠡᠷᠬᠡᠪᠰᠢ ᠮᠡᠳᠡᠬᠦ ᠵᠦᠢᠯ ᠤᠨ ᠤᠬᠠᠭᠤᠯᠭ᠎ᠠ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠰᠤᠷᠭᠠᠭᠤᠯᠢ ᠶᠢᠨ ᠬᠦᠷᠢᠶᠡᠨ ᠳᠤ ᠪᠡᠶ᠎ᠡ ᠴᠢᠭᠢᠷᠠᠭᠵᠢᠭᠤᠯᠬᠤ ᠶᠠᠪᠤᠴᠠ ᠳᠠᠬᠢ ᠵᠥᠷᠢᠴᠡᠯ ᠵᠢᠭᠤᠷᠠᠯᠳᠤᠭᠠᠨ ᠢ ᠬᠠᠪᠰᠤᠷᠤᠨ ᠰᠢᠢᠳᠪᠦᠷᠢᠯᠡᠨ᠎ᠡ᠃ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠢ᠂ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠲᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠶᠢ ᠢᠳᠡᠪᠬᠢᠲᠡᠢ ᠵᠣᠷᠢᠭᠵᠢᠭᠤᠯᠤᠨ᠎ᠠ᠃       ︵ᠨᠠᠢᠮᠠ︶ ᠨᠡᠭᠡᠭᠡᠯᠲᠡ ᠬᠢᠬᠦ ᠰᠤᠷᠭᠠᠭᠤᠯᠢ᠄ ᠨᠡᠭᠡᠭᠡᠯᠲᠡ ᠬᠢᠬᠦ ᠳᠤᠮᠳᠠᠬᠢ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠰᠤᠷᠭᠠᠭᠤᠯᠢ ᠶᠢᠨ ᠡᠭᠦᠳᠡᠨ ᠤ ᠢᠯᠡ ᠭᠠᠵᠠᠷ ᠲᠤ ᠨᠡᠭᠡᠭᠡᠯᠲᠡ ᠬᠢᠬᠦ ᠵᠠᠷᠯᠠᠯ ᠤᠨ ᠫᠠᠶᠢᠰᠠ ᠨᠠᠭᠠᠵᠤ᠂ ᠲᠠᠯᠠᠪᠤᠷ ᠲᠤ ᠣᠷᠣᠬᠤ ᠬᠥᠮᠥᠰ ᠲᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠡᠷᠬᠡᠪᠰᠢ ᠮᠡᠳᠡᠬᠦ ᠵᠦᠢᠯ ᠵᠡᠷᠭᠡ ᠠᠩᠬᠠᠷᠬᠤ ᠵᠦᠢᠯᠡᠰ ᠢ ᠮᠡᠳᠡᠭᠳᠡᠨ᠎ᠡ᠃ ᠲᠠᠯᠠᠪᠤᠷ ᠭᠠᠵᠠᠷ ᠪᠠ ᠪᠡᠯᠡᠳᠬᠡᠮᠵᠢ ᠶᠢ ᠨᠡᠭᠡᠭᠡᠬᠦ ᠥᠭᠡᠷᠡᠴᠢᠯᠡᠯᠲᠡ ᠵᠢᠴᠢ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠰᠠᠶᠢᠲᠤᠷ ᠬᠢᠨ᠎ᠡ︔ ᠲᠥᠬᠦᠮ᠂ ᠠᠶᠤᠯᠭᠦᠢ᠂ ᠣᠶᠤᠨᠴᠢ ᠪᠠᠷ ᠰᠤᠷᠭᠠᠭᠤᠯᠢ ᠳᠤ ᠣᠷᠣᠬᠤ ᠰᠢᠨ᠎ᠡ ᠮᠡᠷᠭᠡᠵᠢᠯ ᠤᠨ ᠠᠷᠭ᠎ᠠ ᠪᠠᠷᠢᠯ ᠤᠨ ᠬᠡᠷᠡᠭᠯᠡᠯᠲᠡ ᠶᠢ ᠰᠦᠪᠡᠭᠴᠢᠯᠡᠵᠦ᠂ ᠰᠠᠭᠤᠭᠠᠯᠢ ᠠᠷᠠᠳ ᠤᠨ ᠰᠤᠷᠭᠠᠭᠤᠯᠢ ᠳᠤ ᠣᠷᠣᠬᠤ ᠶᠢ ᠪᠠᠶᠢᠴᠠᠭᠠᠨ ᠰᠢᠯᠭᠠᠬᠤ ᠵᠡᠷᠭᠡ ᠠᠶᠤᠯᠭᠦᠢ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠷᠭᠠᠭᠤᠯᠢ ᠶᠢᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠪᠠᠶᠢᠳᠠᠯ ᠲᠠᠢ ᠪᠠᠨ ᠤᠶᠠᠯᠳᠤᠭᠤᠯᠤᠨ ᠨᠡᠶᠢᠭᠡᠮ ᠳᠤ ᠨᠡᠭᠡᠭᠡᠯᠲᠡ ᠬᠢᠬᠦ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠶᠢᠨ ᠬᠠᠮᠲᠤ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠤᠬᠠᠭᠤᠯᠭ᠎ᠠ ᠪᠠᠨ ᠥᠷᠭᠡᠳᠬᠡᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠨᠡᠶᠢᠭᠡᠮ ᠳᠤ ᠨᠡᠭᠡᠭᠡᠯᠲᠡ ᠬᠢᠭᠰᠡᠨ ᠢ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠣᠭᠤᠳᠬᠤ ᠬᠡᠷᠡᠭᠲᠡᠢ᠃      ︵ᠭᠤᠷᠪᠠ︶ ᠠᠶᠤᠯᠭᠦᠢ ᠶᠢᠨ ᠰᠡᠷᠭᠡᠶᠢᠯᠡᠯᠲᠡ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠳᠠᠯᠢ ᠱᠠᠲᠤᠨ ᠤ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠢ ᠵᠣᠬᠢᠴᠠᠭᠤᠯᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠶᠢᠨ ᠠᠶᠤᠯᠭᠦᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠶᠢᠨ ᠠᠶᠤᠯᠭᠦᠢ ᠶᠢ ᠬᠠᠮᠠᠭᠠᠯᠠᠬᠤ ᠬᠠᠮᠢᠶᠠᠷᠤᠯᠲᠠ ᠪᠠ ᠠᠶᠤᠯᠭᠦᠢ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ ᠳᠤ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ ᠠᠪᠴᠤ ᠥᠭᠬᠦ ᠶᠢ ᠵᠣᠷᠢᠭᠵᠢᠭᠤᠯᠤᠨ᠎ᠠ᠃      ︵ᠳᠥᠷᠪᠡ︶ ᠰᠢᠮᠳᠠᠭᠤᠯᠤᠨ ᠪᠠᠶᠢᠴᠠᠭᠠᠵᠤ ᠦᠨᠡᠯᠡᠨ ᠰᠢᠯᠭᠠᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠦᠷᠦᠭᠦᠯᠡᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠳᠤ ᠬᠢᠨᠠᠯᠲᠠ ᠲᠠᠯᠪᠢᠬᠤ ᠪᠠ ᠦᠨᠡᠯᠡᠨ ᠰᠢᠯᠭᠠᠬᠤ ᠪᠠᠷᠢᠮᠵᠢᠶ᠎ᠠ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠤᠨ ᠨᠡᠭᠡᠭᠡᠯᠲᠡ ᠬᠢᠭᠰᠡᠨ ᠰᠤᠷᠭᠠᠭᠤᠯᠢ ᠶᠢᠨ ᠨᠡᠷᠡᠰ ᠢ ᠴᠠᠭ ᠲᠣᠬᠢᠷᠠᠭᠤᠯᠤᠨ ᠵᠠᠷᠯᠠᠨ ᠨᠡᠶᠢᠲᠡᠯᠡᠵᠦ᠂ ᠨᠡᠭᠡᠭᠡᠯᠲᠡ ᠬᠢᠬᠦ ᠨᠥᠬᠦᠴᠡᠯ ᠳᠤ ᠨᠡᠶᠢᠴᠡᠬᠦ ᠦᠭᠡᠢ ᠶᠢ ᠨᠢ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠨᠢ ᠬᠠᠷᠢᠶ᠎ᠠ ᠣᠷᠣᠨ ᠤ ᠪᠠᠨ ᠳᠣᠲᠣᠷᠠᠬᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠳᠤ ᠬᠢᠨᠠᠯᠲᠠ ᠲᠠᠯᠪᠢᠬᠤ ᠤᠲᠠᠰᠤ ᠶᠢ ᠨᠡᠶᠢᠲᠡᠯᠡᠬᠦ ᠬᠡᠷᠡᠭᠲᠡᠢ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ