ᠬᠥᠬᠡᠬᠤᠲᠠ ᠵᠠᠰᠠᠭ ᠲᠠᠷᠬᠠᠭᠠᠭᠰᠠᠨ︹ 2023 ︺ 3 ᠳ᠋ᠤᠭᠠᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ᠡᠳᠦᠭᠡ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 1 ᠳ᠋ᠤᠭᠡᠷ ᠰᠠᠷ᠎ᠠ 16 ᠤ ᠡᠳᠦᠷ | ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ | | ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠣᠯᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠬᠦ ᠶᠢᠨ ᠲᠦᠯᠦᠭᠡ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ | ﹇2021﹈ 33 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 17 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠪᠦᠭᠦᠳᠡ ᠬᠤᠷᠠᠯ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠲᠠ︾ ᠶᠢ ᠴᠢᠷᠮᠠᠶᠢᠨ ᠪᠠᠶᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ | ᠢ ᠴᠤᠭᠴᠠᠯᠠᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ | ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠪᠤᠶᠢᠵᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠪᠥᠬᠦ ᠨᠡᠶᠢᠭᠡᠮ ᠤᠨ ᠡᠯ᠎ᠡ ᠬᠦᠷᠢᠶᠡᠨ ᠳᠤ | ᠲᠤᠭᠤᠰᠢᠯᠠᠭᠤᠯᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠ ᠭᠤᠤᠯ ᠪᠣᠯᠬᠤ ᠪᠣᠬᠢᠷᠲᠤᠯ ᠪᠣᠳᠠᠰ ᠤᠨ ᠶᠡᠷᠦᠩᠬᠡᠶ | ᠬᠡᠮᠵᠢᠶ᠎ᠡ ᠶᠢ ᠪᠠᠭᠠᠰᠬᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠦᠬᠡᠬᠤᠲᠠ᠂ ᠦᠨᠢᠷ ᠪᠠᠶᠠᠯᠢᠭ ᠲᠠᠯ᠎ᠠ ᠶᠢᠨ ᠬᠤᠲᠠ ᠶᠢ | ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃ | ︵ᠬᠤᠶᠠᠷ︶ ᠭᠤᠤᠯ ᠬᠠᠷᠠᠯᠲᠠ᠃ 2025 ᠣᠨ ᠪᠣᠯᠬᠤ ᠳᠤ᠂ ᠪᠥᠬᠦ ᠬᠤᠲᠠ ᠶᠢᠨ ᠭᠤᠤᠯᠳᠠᠯᠭ᠎ᠠ ᠲᠠᠢ ᠣᠷᠣᠨ ᠪᠦᠰᠡ ᠪᠠ ᠠᠵᠢᠯ ᠲᠥᠷᠥᠯ ᠤᠨ | ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠤᠭᠳᠠᠯ ᠢ 2020 | ᠣᠨ ᠤ ᠬᠢ ᠠᠴᠠ 12% ᠢᠶᠠᠷ ᠪᠠᠭᠤᠷᠠᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠨ᠎ᠠ᠃ ᠬᠢᠮᠢ ᠶᠢᠨ | ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ ᠤᠨ ᠢᠰᠦᠮᠡᠭ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠦᠷᠦ ᠶᠢᠨ ᠪᠤᠳᠤᠯᠭ᠎ᠠ ᠲᠦᠷᠢᠮ ᠢ ᠨᠡᠩ ᠲᠡᠭᠦᠯᠳᠡᠷᠵᠢᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ᠪᠠ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠪᠣᠬᠢᠷᠲᠤᠯ | ᠦᠭᠡᠢ᠂ ᠪᠠᠭ᠎ᠠ ᠨᠡᠭᠦᠷᠡᠰᠦᠳᠦ᠋ᠷᠦᠭᠴᠢᠲᠦ᠂ ᠣᠷᠴᠢᠯ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠰᠢ ᠶᠢᠨ ᠬᠡᠯᠪᠡᠷᠢ ᠬᠤᠪᠢᠷᠠᠭᠤᠯᠤᠯᠲᠠ ᠢᠯᠡᠳᠲᠡ ᠦᠷ᠎ᠡ ᠪᠦᠲᠦᠮᠵᠢ ᠤᠯᠤᠨ᠎ᠠ᠃ | ᠬᠤᠶᠠᠷ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ | ︵ᠨᠢᠭᠡ︶ ᠭᠤᠤᠯᠳᠠᠯᠭ᠎ᠠ ᠲᠠᠢ ᠠᠵᠢᠯ ᠲᠥᠷᠥᠯ ᠢ ᠪᠣᠬᠢᠷᠲᠤᠯ ᠥᠬᠡᠶ ᠲᠡᠰᠢ ᠲᠠᠰ ᠳᠡᠪᠰᠢᠭᠦᠯᠬᠦ ᠢᠨᠵᠧᠨᠧᠷᠢᠩ᠃ ᠪᠣᠯᠣᠳ ᠲᠡᠮᠦᠷ᠂ ᠴᠠᠬᠢᠯᠭᠠᠨ | ᠵᠠᠳᠠᠯᠤᠯ ᠤᠨ ᠬᠦᠩᠭᠡᠨᠴᠠᠭᠠᠨ᠂ ᠬᠡᠦᠷᠰᠢᠭᠦᠯᠬᠦ᠂ ᠱᠦᠢᠨᠢ᠂ ᠨᠡᠭᠦᠷᠡᠰᠦ ᠪᠠᠷ ᠴᠠᠬᠢᠯᠭᠠᠨ ᠭᠠᠷᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ | ᠠᠷᠪᠢᠯᠠᠬᠤ ᠥᠭᠡᠷᠡᠴᠢᠯᠡᠯᠲᠡ ᠪᠠ ᠪᠣᠬᠢᠷᠲᠤᠯ ᠪᠣᠳᠠᠰ ᠢ ᠭᠦᠨᠵᠡᠭᠡᠢ ᠵᠠᠰᠠᠬᠤ ᠶᠢ ᠬᠡᠷᠡᠭᠵᠢᠭᠦᠯᠵᠦ᠂ 2025 ᠣᠨ ᠪᠣᠯᠬᠤ ᠳᠤ᠂ ᠪᠣᠯᠣᠳ ᠲᠡᠮᠦᠷ᠂ ᠴᠠᠬᠢᠯᠭᠠᠨ | ᠵᠠᠳᠠᠯᠤᠯ ᠤᠨ ᠬᠦᠩᠭᠡᠨᠴᠠᠭᠠᠨ᠂ ᠱᠦᠢᠨᠢ᠂ ᠴᠠᠬᠢᠯᠠᠭᠤᠷ ᠴᠢᠯᠠᠭᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢᠨ | ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ ᠳᠤ ᠬᠦᠷᠬᠦ ᠬᠠᠷᠢᠴᠠᠯ ᠢ 30% ᠠᠴᠠ ᠳᠠᠪᠠᠭᠤᠯᠤᠨ᠂ 65 ᠠᠭᠤᠷᠰᠢᠭᠤᠯᠬᠤ ᠲᠣᠨ | / ᠴᠠᠭ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠪᠦᠬᠦᠨ ᠢᠶᠠᠷ ᠢᠶᠠᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ | ᠪᠡᠶᠡᠯᠡᠭᠦᠯᠦᠨ᠎ᠡ᠃ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ ᠪᠦᠲᠦᠭᠡᠭᠳᠡᠬᠦᠨ ᠤ ᠵᠢᠷᠤᠭ | ᠲᠥᠯᠥᠪᠯᠡᠭᠡ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠦᠢᠯᠡᠳᠪᠦᠷᠢ ᠶᠢᠨ ᠡᠭᠦᠳᠦᠨ | ᠪᠠᠶᠢᠭᠤᠯᠤᠯᠲᠠ ᠶᠢ ᠬᠡᠷᠡᠭᠵᠢᠭᠦᠯᠦᠨ᠂ 2025 ᠣᠨ ᠪᠣᠯᠬᠤ ᠳᠤ ᠪᠣᠬᠢᠷᠲᠤᠯ ᠥᠬᠡᠶ ᠦᠢᠯᠡᠳᠪᠦᠷᠢ ᠶᠢ 35 ᠶᠢ ᠡᠭᠦᠳᠦᠨ ᠪᠠᠶᠢᠭᠤᠯᠤᠨ᠎ᠠ᠃ ᠲᠡᠮᠦᠷ ᠤᠨ | ᠬᠠᠶᠢᠯᠤᠰᠢ᠂ ᠴᠠᠬᠢᠯᠠᠭᠤᠷ ᠴᠢᠯᠠᠭᠤ᠂ ᠬᠡᠦᠷᠰᠢᠭᠦᠯᠬᠦ ᠵᠡᠷᠭᠡ ᠬᠦᠷᠢᠶᠡᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠣᠭᠲᠠᠭᠰᠠᠨ ᠬᠤᠭᠤᠴᠠᠭᠠᠨ ᠳᠤ | ᠤᠬᠤᠷᠢᠭᠤᠯᠤᠨ ᠭᠠᠷᠭᠠᠵᠤ᠂ ᠨᠢᠭᠡ ᠪᠦᠯᠦᠭ ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ | ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠪᠣᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠨᠧᠷᠭᠢ ᠶᠢᠨ | ᠭᠡᠷ᠎ᠡ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠵᠠᠰᠠᠬᠤ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠵᠤ᠂ ᠠᠵᠤ | ᠦᠢᠯᠡᠳᠪᠦᠷᠢ ᠶᠢᠨ ᠨᠦᠬᠡᠨ ᠵᠤᠤᠬ᠎ᠠ᠂ ᠲᠣᠰᠣᠨ ᠤ ᠮᠠᠰᠢᠨ᠂ ᠠᠪᠴᠢᠭᠤᠯᠬᠤ ᠮᠠᠰᠢᠨ᠂ ᠴᠠᠬᠢᠯᠭᠠᠨ ᠮᠠᠰᠢᠨ ᠵᠡᠷᠭᠡ ᠭᠤᠤᠯᠳᠠᠯᠭ᠎ᠠ ᠲᠠᠢ ᠡᠨᠧᠷᠭᠢ ᠬᠡᠷᠡᠭᠯᠡᠬᠦ | ᠲᠥᠬᠦᠭᠡᠷᠦᠮᠵᠢ ᠶᠢᠨ ᠰᠢᠰᠲ᠋ᠧᠮ ᠲᠠᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ | ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ | ᠳ᠋ᠠᠶᠢᠲ᠋ᠠ ᠶᠢᠨ ᠲᠥᠪ ᠢ ᠵᠠᠷᠴᠢᠮ ᠳᠡᠭᠡᠷ᠎ᠡ ᠪᠠᠨ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠰᠢᠭᠤᠯᠵᠤ᠂ ᠴᠠᠬᠢᠯᠭᠠᠨ ᠡᠨᠧᠷᠭᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ︵PUE ᠬᠡᠮᠵᠢᠭᠳᠡᠯ︶ ᠶᠢ 1.2 ᠠᠴᠠ ᠳᠠᠪᠠᠭᠤᠯᠬᠤ ᠥᠬᠡᠶ᠂ ᠨᠢᠭᠡᠨᠲᠡ ᠪᠠᠶᠢᠭ᠎ᠠ ᠳ᠋ᠠᠶᠢᠲ᠋ᠠ ᠶᠢᠨ ᠲᠥᠪ ᠤᠨ ᠡᠨᠧᠷᠭᠢ ᠠᠷᠪᠢᠯᠠᠬᠤ | ᠥᠭᠡᠷᠡᠴᠢᠯᠡᠯᠲᠡ᠂ ᠪᠤᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ︽ | ᠳᠠᠭᠠᠭᠤᠯᠤᠭᠴᠢ︾ ᠶᠢᠨ ᠠᠵᠢᠯᠯᠠᠭ᠎ᠠ ᠶᠢ ᠥᠷᠨᠢᠭᠦᠯᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠥᠭᠡᠭᠡᠵᠦ ᠭᠦᠶᠴᠡᠬᠦ ᠪᠠ ᠳᠠᠪᠠᠨ ᠭᠠᠷᠴᠤ᠂ ᠬᠦᠲᠦᠯᠦᠨ | ᠳᠠᠭᠠᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠢ 18% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 13.5% ᠪᠠᠷ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ | ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠮᠣ | ᠳ᠋ᠠᠶᠢᠲ᠋ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠃ | ᠳᠤᠷᠤᠭᠰᠢᠬᠢ ᠶᠢ ᠴᠥᠮ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ | ᠨᠠᠶᠢᠳᠠᠪᠤᠷᠢᠵᠢᠭᠤᠯᠬᠤ ᠬᠡᠷᠡᠭᠲᠡᠢ ᠪᠤᠯᠬᠤᠷ ᠳᠠᠬᠢᠵᠤ ᠵᠢᠭᠰᠠᠭᠠᠬᠤ ᠦᠭᠡᠢ︶ | ︵ᠬᠤᠶᠠᠷ︶ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ ᠳᠡᠭᠡᠭᠰᠢᠯᠡᠭᠦᠯᠬᠦ | ᠢᠨᠵᠧᠨᠧᠷᠢᠩ᠃ ᠬᠦᠷᠢᠶᠡᠯᠡᠩ ᠲᠣᠭᠤᠷᠢᠭ ᠤᠨ ᠤᠷᠴᠢᠯ ᠬᠥᠭᠵᠢᠯᠲᠡ ᠶᠢᠨ ᠶᠡᠷᠦᠩᠬᠡᠶᠢᠯᠡᠭᠰᠡᠨ ᠣᠨᠣᠰᠢᠯᠠᠯᠲᠠ ᠶᠢ ᠥᠷᠨᠢᠭᠦᠯᠵᠦ᠂ ᠠᠵᠤ ᠦᠢᠯᠡᠰ ᠤᠨ | ᠲᠥᠪᠯᠡᠷᠡᠯ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠠᠷᠢᠭᠤᠨ ᠴᠡᠪᠡᠷ ᠦᠢᠯᠡᠳᠪᠦᠷᠢᠯᠡᠯ ᠵᠡᠷᠭᠡ ᠲᠠᠯ᠎ᠠ ᠪᠠᠷ ᠬᠦᠷᠢᠶᠡᠯᠡᠩ ᠲᠣᠭᠤᠷᠢᠭ ᠤᠨ ᠪᠣᠬᠢᠷᠲᠤᠯ | ᠥᠬᠡᠶ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ ᠬᠤᠷᠤᠭᠳᠠᠯ ᠶᠡᠬᠡᠲᠡᠶ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ ᠢ | ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠦᠷᠢᠶᠡᠯᠡᠩ ᠲᠣᠭᠤᠷᠢᠭ ᠲᠤ ᠣᠷᠣᠭᠤᠯᠵᠤ᠂ ᠡᠨᠧᠷᠭᠢ ᠶᠢᠨ ᠱᠠᠲᠤᠯᠢᠭ ᠠᠰᠢᠭᠯᠠᠯᠲᠠ ᠪᠠ ᠦᠯᠡᠳᠡᠪᠦᠷᠢ | ᠢᠯᠴᠢ ᠦᠯᠡᠳᠡᠪᠦᠷᠢ ᠳᠠᠷᠤᠯᠲᠠ ᠦᠯᠡᠳᠡᠪᠦᠷᠢ ᠬᠡᠶ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ | ᠠᠬᠤᠶᠢᠯᠠᠯ ᠤᠨ ᠲᠦᠭᠦᠬᠡᠶ ᠮᠠᠲ᠋ᠧᠷᠢᠶᠠᠯ᠂ ᠦᠢᠯᠡᠳᠬᠦᠨ ᠤ ᠡᠪᠴᠡᠯᠳᠦᠯ ᠢ ᠬᠥᠲᠥᠯᠦᠨ ᠵᠢᠯᠣᠭᠤᠳᠴᠤ᠂ ᠳᠠᠬᠢᠨ ᠡᠭᠦᠰᠴᠦ ᠪᠣᠯᠬᠤ ᠡᠨᠧᠷᠭᠢ ᠶᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠨ᠎ᠡ᠃ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ +︾᠂ | ᠡᠭᠦᠯᠡᠨ ᠪᠤᠳᠤᠯᠲᠠ ᠲᠣᠮᠣ ᠳ᠋ᠠᠶᠢᠲ᠋ᠠ ᠵᠡᠷᠭᠡ ᠠᠷᠭ᠎ᠠ ᠮᠠᠶ᠋ᠢᠭ ᠢ ᠠᠰᠢᠭᠯᠠᠨ ᠡᠨᠧᠷᠭᠢ ᠠᠷᠪᠢᠯᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠮᠢ ᠠᠬᠤᠶ ᠶᠢᠨ ᠡᠭᠡᠭᠦᠯᠦᠨ ᠪᠥᠭᠯᠡᠬᠦ | ᠰᠠᠪᠠ ᠭᠠᠵᠠᠷ ᠢ ᠵᠠᠰᠠᠬᠤ ᠶᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠲᠡᠮᠦᠷ ᠵᠠᠮ᠂ ᠲᠡᠯᠡᠶ ᠶᠢᠨ ᠵᠠᠮ ᠢᠶᠠᠷ | ᠬᠤᠯᠪᠣᠭᠠᠯᠠᠨ ᠲᠡᠭᠡᠭᠡᠪᠦᠷᠢᠯᠡᠵᠦ ︽ᠭᠠᠳᠠᠭᠰᠢ ᠭᠠᠷᠭᠠᠬᠤ︾ ᠶᠢ ᠳᠡᠮᠵᠢᠵᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ︽ ᠪᠦᠷᠢᠨᠲᠦ︾ ᠲᠥᠷᠥᠯ ᠵᠦᠢᠯ ᠢ ᠲᠤᠷᠰᠢᠨ ᠪᠥᠲᠥᠭᠡᠨ ᠪᠠᠶᠢᠭᠤᠯᠬᠤ ᠶᠢ ᠬᠥᠲᠥᠯᠦᠨ ᠵᠢᠯᠣᠭᠤᠳᠴᠤ᠂ ᠠᠶᠤᠯᠲᠠᠶ ᠬᠠᠶᠠᠭᠳᠠᠮᠠᠯ | ᠪᠣᠳᠠᠰ ᠢ ᠲᠥᠪᠯᠡᠷᠡᠭᠦᠯᠦᠨ ᠬᠠᠳᠠᠭᠠᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ᠂ ᠴᠠᠬᠢᠯᠭᠠᠨ | ᠬᠡᠷᠡᠭᠯᠡᠬᠦ ᠳᠠᠭᠠᠭᠠᠴᠠ ᠪᠠᠷ ᠨᠡᠯᠢᠶᠡᠳ ᠶᠡᠭᠡ᠂ ᠪᠡᠶ᠎ᠡ ᠪᠠᠨ ᠳᠠᠭᠠᠭᠠᠵᠤ ᠣᠷᠭᠢᠯ ᠢ ᠳᠣᠭᠢᠷᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠥᠷᠨᠢᠭᠦᠯᠬᠦ ᠶᠢ | ᠵᠣᠷᠢᠭᠵᠢᠭᠤᠯᠵᠤ᠂ ᠲᠣᠭᠲᠠᠬᠤ ᠴᠢᠩ ᠱᠦᠢ ᠾᠧ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ | ᠮᠡᠨᠳᠦ ᠶᠢᠨ ᠬᠥᠨᠳᠡᠶ᠂ ᠶᠢᠨ ᠴᠢᠶᠣᠤ ᠨᠡᠭᠡᠭᠡᠯᠲᠡ ᠶᠢᠨ ᠲᠣᠭᠤᠷᠢᠭ ᠨᠢ ᠤᠷᠢᠳᠠᠪᠠᠷ ᠪᠠᠭ᠎ᠠ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠪᠠᠶᠢᠭᠤᠯᠬᠤ ᠪᠠᠷ | ᠭᠤᠶᠤᠴᠢᠯᠠᠨ ᠮᠡᠳᠡᠭᠦᠯᠵᠦ᠂ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃ 2025 ᠣᠨ ᠪᠣᠯᠬᠤ ᠳᠤ᠂ | ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠬᠠᠷᠢᠴᠠᠯ ᠢ | 95% ᠳᠤ ᠬᠦᠷᠦᠭᠦᠯᠵᠦ᠂ ᠨᠥᠬᠦᠴᠡᠯ ᠪᠦᠷᠢᠯᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠬᠦᠷᠢᠶᠡᠯᠡᠩ ᠲᠣᠭᠤᠷᠢᠭ ᠲᠤ | ᠤᠷᠴᠢᠯᠲᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ︶ | ︵ᠭᠤᠷᠪᠠ︶ ᠬᠤᠲᠠ ᠪᠠᠯᠭᠠᠰᠤ ᠶᠢᠨ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠃ ᠬᠤᠲᠠ ᠪᠠᠯᠭᠠᠰᠤᠨ ᠤ | ᠪᠣᠬᠢᠷᠲᠤᠯ ᠥᠬᠡᠶ ᠲᠥᠯᠥᠪᠵᠢᠭᠦᠯᠭᠡ᠂ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠠᠵᠢᠯᠯᠠᠭᠠᠨ ᠤ ᠬᠠᠮᠢᠶᠠᠷᠤᠯᠲᠠ ᠶᠢ ᠳᠥᠯᠭᠢᠨ | ᠠᠬᠢᠭᠤᠯᠵᠤ᠂ ᠬᠠᠶᠠᠭᠳᠠᠮᠠᠯ ᠪᠤᠳᠠᠰ ᠦᠭᠡᠢ ᠬᠤᠲᠠ ᠪᠠ ᠬᠠᠶᠠᠭᠳᠠᠮᠠᠯ ᠬᠠᠭᠤᠴᠢᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠶᠢᠨ | ᠭᠤᠤᠯᠳᠠᠯᠭ᠎ᠠ ᠲᠠᠢ ᠬᠤᠲᠠ ᠶᠢ ᠪᠥᠲᠥᠭᠡᠨ ᠪᠠᠶᠢᠭᠤᠯᠤᠨ᠎ᠠ᠃ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠴᠥᠮ ᠪᠣᠬᠢᠷᠲᠤᠯ ᠥᠬᠡᠶ | ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠤᠭᠰᠠᠷᠠᠮᠠᠯ ᠪᠠᠷᠢᠯᠭ᠎ᠠ ᠶᠢ ᠰᠢᠨ᠎ᠡ ᠪᠠᠷᠢᠯᠭ᠎ᠠ ᠪᠠᠷᠢᠬᠤ ᠳᠤ ᠳᠡᠯᠭᠡᠷᠡᠭᠦᠯᠦᠨ ᠬᠡᠷᠡᠭᠯᠡᠬᠦ ᠶᠢ ᠵᠤᠷᠢᠭᠵᠢᠭᠤᠯᠵᠤ᠂ | ᠰᠠᠨᠠᠭᠠᠴᠢᠯᠠᠭᠠᠲᠤ ᠪᠤᠰᠤ ᠮᠠᠶ᠋ᠢᠭ ᠤᠨ ᠬᠡᠲᠦ ᠳᠣᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠤᠭᠳᠠᠯ ᠪᠠᠷᠤᠭ ᠥᠬᠡᠶ ᠪᠠᠷᠢᠯᠭ᠎ᠠ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠥᠬᠡᠶ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ | ᠬᠤᠳᠠ ᠶᠢ ᠰᠢᠨᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠶᠠᠳᠤᠭᠠᠷ ᠲᠣᠭᠤᠷᠢᠯ ᠵᠠᠮ ᠤᠨ ᠳᠣᠲᠣᠷᠠᠬᠢ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ | ᠪᠡᠶᠡᠯᠡᠭᠦᠯᠵᠦ᠂ ᠤᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠣᠷ ᠤᠨ ᠯᠡᠪᠡᠷᠡᠵᠦ ᠰᠦᠢᠳᠦᠭᠰᠡᠨ ᠢ ᠵᠠᠰᠠᠬᠤ ᠵᠠᠰᠠᠯᠲᠠ ᠶᠢ ᠬᠡᠷᠡᠭᠵᠢᠭᠦᠯᠵᠦ᠂ ᠬᠥᠯᠳᠡᠭᠡᠬᠦ ᠮᠡᠷᠭᠡᠵᠢᠯ ᠤᠨ ᠲᠥᠬᠦᠭᠡᠷᠦᠮᠵᠢ ᠶᠢ ᠲᠡᠰ | ᠳᠡᠪᠰᠢᠭᠦᠯᠵᠦ᠂ ᠳᠠᠭᠠᠭᠠᠴᠠ ᠶᠢᠨ ᠵᠣᠬᠢᠴᠠᠯᠳᠤᠯ ᠢ ᠰᠢᠯᠢᠳᠡᠭᠵᠢᠭᠦᠯᠦᠨ᠎ᠡ᠃ 12 ᠳᠠᠪᠬᠤᠷᠭ᠎ᠠ ᠠᠴᠠ ᠳᠣᠷᠣᠭᠰᠢᠬᠢ ᠣᠷᠣᠨ ᠰᠠᠭᠤᠴᠠ ᠶᠢᠨ ᠪᠠᠷᠢᠯᠭ᠎ᠠ ᠪᠠ | ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠭᠠᠵᠠᠷ ᠵᠡᠷᠭᠡ ᠣᠯᠠᠨ | ᠨᠡᠶᠢᠲᠡ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠢᠯᠴᠢ ᠶᠢᠨ ᠪᠠᠷᠢᠯᠭ᠎ᠠ ᠶᠢ ᠨᠢᠭᠡ ᠴᠤᠭᠴᠠᠵᠢᠭᠤᠯᠬᠤ ᠮᠡᠷᠭᠡᠵᠢᠯ ᠢ ᠬᠡᠷᠡᠭᠯᠡᠬᠦ ᠶᠢ ᠠᠬᠢᠭᠤᠯᠵᠤ᠂ ᠣᠷᠣᠨ | ᠰᠠᠭᠤᠴᠠ ᠶᠢᠨ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠵᠠᠶ᠂ ᠪᠠᠷᠢᠯᠭ᠎ᠠ ᠶᠢᠨ ᠬᠦᠷᠢᠶ᠎ᠡ ᠬᠠᠰᠢᠶ᠎ᠠ ᠳᠤ ᠨᠡᠷᠡᠨ ᠡᠨᠧᠷᠭᠢ ᠶᠢᠨ ᠭᠡᠷᠡᠯᠲᠦᠭᠦᠯᠭᠡ ᠬᠡᠷᠡᠭᠯᠡᠬᠦ ᠶᠢ | ᠬᠥᠲᠥᠯᠦᠨ ᠵᠢᠯᠣᠭᠤᠳᠴᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠬᠡᠪᠴᠢᠶ᠎ᠡ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2025 ᠣᠨ | ᠪᠣᠯᠬᠤ ᠳᠤ᠂ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ ᠢ 35% ᠠᠴᠠ | ᠳᠠᠪᠠᠭᠤᠯᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 800 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠦᠭᠦᠯᠵᠦ᠂ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠬᠡᠷᠡᠭᠯᠡᠬᠦ ᠬᠠᠷᠢᠴᠠᠯ ᠢ 30% ᠳᠤ ᠬᠦᠷᠦᠭᠦᠯᠦᠨ᠎ᠡ᠃ | ︵ᠲᠦᠷᠦᠭᠦᠯᠡᠨ ᠬᠢᠬᠦ ᠨᠢᠭᠡᠴᠡ᠄ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ | ᠪᠣᠬᠢᠷᠲᠤᠯ ᠥᠬᠡᠶ ᠲᠡᠮᠦᠷ ᠵᠠᠮ᠂ ᠪᠣᠬᠢᠷᠲᠤᠯ ᠥᠬᠡᠶ ᠵᠠᠰᠠᠮᠠᠯ ᠵᠠᠮ᠂ ᠪᠣᠬᠢᠷᠲᠤᠯ ᠥᠬᠡᠶ ᠨᠢᠰᠬᠡᠯ ᠤᠨ ᠪᠠᠭᠤᠳᠠᠯ ᠢᠶᠠᠷ ᠭᠤᠤᠯᠳᠠᠯᠭ᠎ᠠ ᠪᠣᠯᠭᠠᠭᠰᠠᠨ ᠪᠣᠬᠢᠷᠲᠤᠯ | ᠥᠬᠡᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠴᠡᠨᠡᠭᠯᠡᠵᠦ ᠳ᠋ᠢᠶᠠᠨ ᡂᠢ ᠰᠣᠯᠢᠬᠤ᠂ | ᠬᠡᠶ ᠨᠡᠮᠡᠬᠦ᠂ ᠤᠰᠤᠲᠥ᠋ᠷᠥᠭᠴᠢ ᠨᠡᠮᠡᠬᠦ᠂ ᠨᠢᠰᠬᠡᠯ ᠤᠨ ᠪᠠᠭᠤᠳᠠᠯ ᠤᠨ ᠡᠷᠭᠢ ᠶᠢᠨ ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠨᠡᠳᠬᠡᠬᠦ ᠶᠢ ᠳᠥᠯᠭᠢᠨ ᠠᠬᠢᠭᠤᠯᠵᠤ᠂ ᠪᠠᠶᠢᠭᠤᠯᠤᠭᠰᠠᠨ ᠲᠣᠭᠤᠷᠢᠭ ᠲᠤ | ᠳᠦᠷᠢᠶᠡᠰᠦᠨ ᠮᠠᠰᠢᠨ᠂ ᠰᠢᠤᠳᠠᠨ᠂ ᠣᠷᠴᠢᠨ ᠲᠣᠭᠤᠷᠢᠨ ᠤ ᠠᠷᠢᠭᠤᠨ ᠴᠡᠪᠡᠷ᠂ ᠠᠵᠢᠯ ᠳᠤ ᠭᠠᠷᠬᠤ᠂ ᠬᠥᠩᠭᠡᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ | ᠳᠣᠭᠢᠷᠠᠭᠤᠯᠤᠨ ᠬᠦᠷᠭᠡᠬᠦ ᠳᠤ ᠰᠢᠨ᠎ᠡ ᠪᠠᠷ ᠨᠡᠮᠡᠬᠦ ᠪᠠ ᠰᠢᠨᠡᠳᠬᠡᠬᠦ ᠲᠡᠷᠭᠡ ᠶᠢᠨ ᠳᠣᠲᠣᠷ᠎ᠠ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠡᠵᠡᠯᠡᠬᠦ ᠬᠠᠷᠢᠴᠠᠯ ᠢ | 20% ᠠᠴᠠ ᠳᠡᠭᠡᠭᠰᠢ ᠳᠤ ᠬᠦᠷᠦᠭᠦᠯᠦᠨ᠎ᠡ᠃ ︽ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ︾ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ︽ᠲᠡᠮᠦᠷ ᠵᠠᠮ + ᠨᠡᠶᠢᠲᠡ ᠶᠢᠨ ᠵᠠᠮ ᠬᠠᠷᠢᠯᠴᠠᠭ᠎ᠠ + ᠤᠳᠠᠭᠠᠨ ᠶᠠᠪᠤᠬᠤ︾ ᠳᠥᠭᠦᠮ ᠳᠥᠲᠡ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠲᠡᠭᠦᠯᠳᠡᠷᠵᠢᠭᠦᠯᠦᠨ᠂ ︽ᠲᠠᠰᠤᠷᠬᠠᠢ ᠵᠠᠮ︾ ᠢ ᠠᠷᠢᠯᠭᠠᠵᠤ᠂ ︽ᠪᠢᠴᠢᠯ ᠡᠷᠭᠢᠯᠲᠡ︾ ᠶᠢ ᠰᠠᠭᠠᠳ ᠥᠬᠡᠶ ᠨᠡᠪᠲᠡᠷᠡᠭᠦᠯᠵᠦ᠂ ᠣᠯᠠᠨ | ᠨᠡᠶᠢᠲᠡ ᠶᠢᠨ ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳᠠᠪᠠᠷ ᠰᠤᠩᠭᠤᠬᠤ ᠶᠢ ᠨᠢ ᠬᠦᠲᠦᠯᠦᠨ | ᠵᠢᠯᠤᠭᠤᠳᠴᠤ᠂ 2025 ᠣᠨ ᠪᠣᠯᠬᠤ ᠳᠤ᠂ ᠪᠥᠬᠦ ᠬᠤᠲᠠ ᠶᠢᠨ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ | 100% ᠳᠤ ᠬᠦᠷᠦᠭᠦᠯᠵᠦ᠂ ᠬᠤᠲᠠ ᠶᠢᠨ ᠳᠥᠷᠪᠡᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠲᠤ ᠠᠶᠠᠯᠠᠯ ᠳᠤ ᠬᠤᠪᠢᠶᠠᠨ ᠡᠭᠦᠷᠭᠡᠯᠡᠬᠦ | ᠨᠣᠷᠮ᠎ᠠ ᠶᠢ 40% ᠠᠴᠠ ᠳᠣᠤᠷ᠎ᠠ ᠪᠠᠶᠢᠯᠭᠠᠬᠤ ᠥᠬᠡᠶ᠂ ᠪᠣᠬᠢᠷᠲᠤᠯ ᠥᠬᠡᠶ ᠠᠶᠠᠯᠠᠯ ᠤᠨ ᠬᠠᠷᠢᠴᠠᠯ ᠢ 70% ᠳᠤ ᠬᠦᠷᠦᠭᠦᠯᠦᠨ᠎ᠡ᠃ ᠦᠷᠭᠡᠨ ᠬᠡᠷᠡᠭᠴᠡᠭᠡᠨ ᠤ | ᠡᠳ᠋ ᠪᠠᠷᠠᠭ᠎ᠠ ᠪᠠ ᠳᠤᠮᠳᠠ ᠬᠤᠯᠠ ᠵᠠᠶ ᠶᠢᠨ ᠲᠡᠭᠡᠭᠡᠪᠦᠷᠢ ᠶᠢ ︽ᠵᠠᠰᠠᠮᠠᠯ ᠵᠠᠮ ᠠᠴᠠ ᠲᠡᠮᠦᠷ ᠵᠠᠮ︾ ᠪᠤᠯᠭᠠᠬᠤ ᠶᠢ ᠠᠬᠢᠭᠤᠯᠵᠤ᠂ ᠲᠡᠮᠦᠷ ᠵᠠᠮ ᠤᠨ ᠲᠤᠰᠬᠠᠶ | ᠱᠤᠭᠤᠮ ᠲᠠᠢ ᠨᠡᠭᠦᠷᠡᠰᠦ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠴᠠᠬᠢᠯᠭᠠᠨ ᠬᠦᠴᠦ᠂ ᠬᠡᠦᠷᠰᠢᠭᠦᠯᠬᠦ ᠵᠡᠷᠭᠡ ᠲᠣᠮᠣ ᠬᠡᠯᠪᠡᠷᠢ ᠶᠢᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠦᠷᠭᠡᠨ ᠬᠡᠷᠡᠭᠴᠡᠭᠡᠨ ᠤ ᠡᠳ᠋ ᠪᠠᠷᠠᠭ᠎ᠠ ᠳᠤ ᠲᠡᠮᠦᠷ ᠵᠠᠮ ᠤᠨ | ᠲᠡᠭᠡᠭᠡᠪᠦᠷᠢ ᠶᠢ ᠬᠡᠷᠡᠭᠵᠢᠭᠦᠯᠦᠨ᠎ᠡ᠃ ᠬᠥᠩᠭᠡᠨ ᠬᠡᠯᠪᠡᠷᠢ ᠶᠢᠨ ᠲᠡᠷᠭᠡ ᠪᠣᠯᠤᠨ ᠬᠦᠨᠳᠦ ᠬᠡᠯᠪᠡᠷᠢ ᠶᠢᠨ ᠲᠡᠷᠭᠡ ᠶᠢᠨ ᠤᠯᠤᠰ ᠤᠨⅥᠭᠠᠳᠠᠭᠰᠢᠯᠠᠭᠤᠯᠬᠤ | ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠴᠠᠶᠢᠶ᠋ᠢᠦ ᠲᠣᠰᠣᠨ ᠤ ᠮᠠᠰᠢᠨ ᠤ Ⅳᠳ᠋ᠤᠭᠡᠷ ᠱᠠᠲᠤᠨ ᠤ | ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠂ ᠬᠠᠷ᠎ᠠ ᠣᠲᠤᠭ᠎ᠠ ᠪᠠᠭᠠᠬᠢᠬᠤ ᠢᠨᠵᠧᠨᠧᠷᠢᠩ ᠤᠨ ᠮᠠᠰᠢᠨ ᠢ ᠦᠨᠳᠦᠰᠦᠨ ᠳᠡᠭᠡᠨ ᠠᠷᠢᠯᠭᠠᠵᠤ᠂ | ᠬᠠᠭᠤᠴᠢᠷᠬᠠᠰᠠᠨ ᠲᠡᠷᠭᠡ ᠬᠥᠰᠬᠡ ᠶᠢ ᠤᠷᠢᠳᠴᠢᠯᠠᠨ ᠰᠢᠭᠰᠢᠭᠳᠡᠭᠦᠯᠵᠦ ᠰᠢᠨᠡᠳᠭᠡᠬᠦ ᠶᠢ ᠬᠦᠲᠦᠯᠦᠨ ᠵᠢᠯᠤᠭᠤᠳᠤᠨ᠎ᠠ᠃ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠪᠠ ᠮᠡᠳᠡᠭᠡ ᠵᠠᠩᠭᠢᠵᠢᠯᠲᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠲᠡᠭᠡᠭᠡᠪᠦᠷᠢ ᠶᠢᠨ ᠬᠦᠴᠦᠨ ᠢ ᠨᠡᠶᠢᠳᠭᠡᠬᠦ᠂ ᠲᠡᠷᠭᠡ ᠪᠠᠷᠠᠭ᠎ᠠ ᠶᠢ ᠵᠤᠬᠢᠴᠠᠭᠤᠯᠬᠤ ᠵᠢᠴᠢ ᠬᠠᠩᠭᠠᠯᠭ᠎ᠠ ᠶᠢᠨ ᠬᠡᠯᠬᠢᠶ᠎ᠡ ᠬᠢᠭᠡᠳ | ᠪᠠᠷᠠᠭᠠᠨ ᠤ ᠭᠦᠢᠯᠭᠡᠭᠡᠨ ᠤ ᠬᠡᠯᠬᠢᠶ᠎ᠡ ᠶᠢ ᠠᠭᠤᠰᠤᠯᠴᠠᠭᠤᠯᠬᠤ ᠶᠢ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢ ᠵᠤᠬᠢᠶᠠᠨ ᠪᠠᠶᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠲᠤᠰᠤ | ᠠᠷᠪᠢᠯᠠᠬᠤ᠂ ᠣᠷᠴᠢᠨ ᠲᠤᠭᠤᠷᠢᠨ ᠢ ᠬᠠᠮᠠᠭᠠᠯᠠᠬᠤ ᠲᠠᠷᠢᠶᠠᠯᠠᠩ ᠤᠨ ᠮᠠᠰᠢᠨ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠬᠤ | ᠲᠠᠷᠢᠶᠠᠯᠠᠩ ᠤᠨ ᠬᠦᠯᠡᠮᠵᠢ ᠪᠠ ᠪᠣᠬᠢᠷᠲᠤᠯ ᠦᠭᠡᠢ ᠬᠦᠳᠡᠭᠡ ᠶᠢᠨ ᠭᠡᠷ ᠪᠠᠶᠢᠰᠢᠩ ᠢ ᠬᠥᠭᠵᠢᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠪᠠᠷᠢᠯᠭ᠎ᠠ᠂ | ᠡᠯ᠎ᠡ ᠲᠦᠷᠦᠯ ᠤᠨ ᠵᠢᠱᠢᠶ᠎ᠡ ᠦᠵᠡᠭᠦᠯᠬᠦ ᠭᠠᠴᠠᠭ᠎ᠠ ᠪᠠᠯᠭᠠᠰᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠦᠲᠦᠯᠦᠨ | ᠵᠢᠯᠤᠭᠤᠳᠴᠤ ᠡᠨᠧᠷᠭᠢ ᠠᠷᠪᠢᠯᠠᠬᠤ ᠵᠢᠴᠢ ᠪᠣᠬᠢᠷᠲᠤᠯ ᠦᠭᠡᠢ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ | ᠬᠢᠵᠠᠭᠠᠷᠯᠠᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠵᠡᠷᠭᠡ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠰᠦᠯᠢᠶᠣᠣ | ᠪᠦᠷᠬᠦᠪᠴᠢ ᠪᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ | ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ | ᠪᠣᠬᠢᠷᠲᠤᠯ ᠢ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠨᠡᠯᠢᠶᠡᠳ ᠶᠡᠭᠡ ᠲᠠᠯᠠᠪᠠᠢ ᠲᠠᠢ ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ | ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ 2025 ᠣᠨ ᠪᠣᠯᠬᠤ ᠳᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ | 50% ᠣᠷᠴᠢᠮ ᠳᠤ ᠬᠦᠷᠦᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ | ᠢᠯᠭᠠᠳᠠᠰᠤ ᠶᠢᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠪᠣᠬᠢᠷᠲᠤᠯ ᠥᠬᠡᠶ | ᠰᠡᠷᠭᠡᠶᠢᠯᠡᠨ ᠡᠵᠡᠮᠳᠡᠬᠦ᠂ ᠨᠢᠭᠡᠳᠦᠯᠲᠡᠶ ᠰᠡᠷᠭᠡᠶᠢᠯᠡᠨ ᠨᠢᠭᠡᠲᠦᠯᠲᠡᠢ ᠵᠠᠰᠠᠬᠤ ᠪᠦᠷᠬᠦᠴᠡ ᠶᠢᠨ ᠨᠣᠷᠮ᠎ᠠ ᠶᠢ ᠲᠣᠰ ᠲᠣᠰ 55%᠂ 45% ᠳᠤ ᠬᠦᠷᠦᠭᠦᠯᠦᠨ᠎ᠡ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠵᠢᠷᠭᠤᠭ᠎ᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠢᠨᠵᠧᠨᠧᠷᠢᠩ᠃ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠨᠢᠭᠡᠨᠲᠡ ᠪᠠᠶᠢᠭ᠎ᠠ ᠪᠠᠷᠢᠯᠭ᠎ᠠ ᠶᠢ ᠬᠦᠷᠢᠶᠡᠯᠡᠨ ᠬᠠᠮᠠᠭᠠᠯᠠᠬᠤ ᠪᠦᠲᠦᠴᠡ᠂ ᠢᠯᠴᠢ ᠬᠠᠩᠭᠠᠬᠤ᠂ ᠬᠥᠯᠳᠡᠭᠡᠬᠦ᠂ ᠭᠡᠷᠡᠯᠲᠦᠭᠦᠯᠬᠦ᠂ ᠴᠠᠬᠢᠯᠭᠠᠨ | ᠱᠠᠲᠤ ᠵᠡᠷᠭᠡ ᠶᠡᠷᠦᠩᠬᠡᠶᠢᠯᠡᠭᠰᠡᠨ ᠬᠡᠯᠪᠡᠷᠢ ᠶᠢᠨ ᠡᠨᠧᠷᠭᠢ ᠬᠡᠷᠡᠭᠯᠡᠬᠦ ᠰᠢᠰᠲ᠋ᠧᠮ ᠪᠠ ᠪᠡᠯᠡᠳᠭᠡᠮᠵᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠦᠭᠡᠷᠡᠴᠢᠯᠡᠯᠲᠡ ᠶᠢ | ᠲᠦᠷᠭᠡᠳᠭᠡᠵᠦ᠂ ᠡᠨᠧᠷᠭᠢ ᠠᠷᠪᠢᠯᠠᠬᠤ ᠰᠢᠨ᠎ᠡ ᠦᠢᠯᠡᠳᠬᠦᠨ ᠰᠢᠨ᠎ᠡ ᠮᠡᠷᠭᠡᠵᠢᠯ ᠢ ᠳᠡᠯᠭᠡᠷᠡᠭᠦᠯᠵᠦ ᠬᠡᠷᠡᠭᠯᠡᠨ᠎ᠡ᠃ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠡᠨᠧᠷᠭᠢ ᠶᠢᠨ | ᠵᠠᠷᠤᠳᠠᠯ ᠢ ᠨᠠᠶᠢᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠤᠨ᠂ ᠨᠡᠷᠡᠨ ᠡᠨᠧᠷᠭᠢ᠂ | ᠰᠠᠯᠬᠢᠨ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠵᠦ᠂ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ | ᠬᠡᠷᠡᠭᠯᠡᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠬᠤ ᠲᠡᠷᠭᠡᠨ ᠵᠣᠭᠰᠣᠭᠠᠯ ᠳᠤ 30% ᠠᠴᠠ ᠳᠣᠤᠷ᠎ᠠ ᠥᠬᠡᠶ | ᠬᠠᠷᠢᠴᠠᠯ ᠢᠶᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠵᠤ᠂ ᠨᠢᠭᠡᠨᠲᠡ ᠪᠠᠶᠢᠭ᠎ᠠ ᠲᠡᠷᠭᠡᠨ | ᠵᠣᠭᠰᠣᠭᠠᠯ ᠳᠤ 10% ᠠᠴᠠ ᠳᠣᠤᠷ᠎ᠠ ᠥᠬᠡᠶ ᠬᠠᠷᠢᠴᠠᠯ ᠢᠶᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ | ᠳᠣᠭᠢᠷᠠᠭᠤᠯᠤᠨ ᠪᠠᠶᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠨᠤᠷᠮ᠎ᠠ ᠶᠢᠨ ᠬᠠᠮᠢᠶᠠᠷᠤᠯᠲᠠ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠪᠣᠯᠤᠨ | ᠡᠨᠧᠷᠭᠢ ᠶᠢᠨ ᠠᠰᠢᠭᠯᠠᠮᠵᠢ ᠶᠢᠨ ᠲᠠᠭᠠᠭᠤᠯᠤᠭᠴᠢ ᠶᠢ ᠡᠭᠦᠳᠦᠨ ᠪᠠᠶᠢᠭᠤᠯᠬᠤ ᠶᠢ ᠦᠷᠨᠢᠭᠦᠯᠵᠦ᠂ 2025 ᠣᠨ ᠪᠣᠯᠬᠤ ᠳᠤ᠂ ᠪᠦᠬᠦ ᠬᠤᠳᠠ ᠶᠢᠨ | 80% ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠶᠢ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠪᠣᠯᠭᠠᠨ ᠪᠠᠶᠢᠭᠤᠯᠤᠨ᠎ᠠ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ︶ | ︵ᠲᠤᠯᠤᠭ᠎ᠠ︶ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢᠨ ᠨᠠᠮᠤᠷ ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠴᠡ ᠶᠢ ᠲᠣᠬᠢᠷᠠᠭᠤᠯᠬᠤ ᠪᠠ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠤᠨ᠎ᠠ | ᠃ ᠳᠡᠭᠳᠡᠮᠡᠬᠡᠢ ᠴᠢᠨᠠᠷᠲᠠᠶ ᠣᠷᠭᠠᠨᠢᠭ ᠪᠣᠳᠠᠰ ᠪᠠ ᠠᠽᠣᠲ ᠤᠨ ᠢᠰᠦᠮᠡᠭ ᠢ ᠬᠠᠮᠵᠢᠯᠴᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠵᠤ᠂ ᠨᠠᠷᠢᠨ | ᠮᠥᠬᠦᠯᠢᠭᠲᠦ ᠪᠣᠳᠠᠰ ᠪᠠ ᠣᠽᠣᠨ ᠢ ᠬᠠᠮᠵᠢᠯᠴᠠᠨ ᠡᠵᠡᠮᠳᠡᠬᠦ ᠶᠢ ᠴᠢᠩᠭᠠᠳᠬᠠᠵᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ | ᠦᠢᠯᠡᠳᠪᠦᠷᠢ᠂ ᠪᠣᠭᠤᠳᠠᠯ ᠳᠠᠷᠤᠮᠠᠯᠯᠠᠯ᠂ ᠠᠵᠤ ᠦᠢᠯᠡᠳᠪᠦᠷᠢ ᠶᠢᠨ ᠰᠢᠷ ᠪᠤᠳᠤᠭ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ ᠲᠣᠰ | ᠭᠠᠵᠠᠷ ᠣᠷᠣᠨ ᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠡᠵᠡᠮᠳᠡᠬᠦ ᠭᠤᠤᠯᠳᠠᠯᠭ᠎ᠠ ᠲᠠᠢ ᠠᠵᠢᠯ ᠲᠥᠷᠥᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ | ᠨᠠᠷᠢᠨ ᠬᠠᠭᠤᠳᠠᠰᠤ ᠶᠢ ᠲᠣᠭᠲᠠᠭᠠᠵᠤ᠂ ᠠᠵᠤ ᠠᠬᠤᠶᠢᠯᠠᠯ ᠤᠨ ᠡᠬᠢ ᠡᠭᠦᠰᠦᠯ ᠠᠴᠠ ᠨᠢ ᠰᠣᠯᠢᠬᠤ᠂ ᠶᠠᠪᠤᠴᠠ ᠶᠢ ᠡᠵᠡᠮᠳᠡᠬᠦ ᠪᠠ ᠦᠵᠦᠭᠦᠷ ᠤᠨ ᠬᠡᠰᠡᠭ ᠲᠤ | ᠵᠠᠰᠠᠬᠤ ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠰᠢᠮᠳᠠᠭᠤᠯᠤᠨ᠎ᠠ᠃ ᠱᠦᠢᠨᠢ᠂ ᠬᠡᠦᠷᠰᠢᠭᠦᠯᠬᠦ ᠵᠡᠷᠭᠡ ᠠᠵᠢᠯ ᠲᠦᠷᠦᠯ ᠵᠢᠴᠢ ᠠᠵᠤ ᠦᠢᠯᠡᠳᠪᠦᠷᠢ ᠶᠢᠨ | ᠭᠦᠸᠧᠯᠦ᠂ ᠨᠦᠬᠡᠨ ᠵᠤᠤᠬ᠎ᠠ ᠪᠠ ᠰᠢᠯᠵᠢᠮᠡᠯ ᠪᠤᠬᠢᠷᠲᠤᠯ ᠤᠨ ᠡᠬᠢ ᠡᠭᠦᠰᠦᠯ ᠢᠶᠠᠷ ᠭᠤᠣᠯᠳᠠᠯᠭ᠎ᠠ ᠪᠣᠯᠭᠠᠨ᠂ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ᠂ | ᠠᠵᠤ ᠦᠢᠯᠡᠳᠪᠦᠷᠢ ᠪᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠽᠣᠲ ᠤᠨ ᠢᠰᠦᠮᠡᠭ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ | ᠪᠠᠭᠤᠷᠠᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ | ᠬᠤᠲᠠ ᠪᠠᠯᠭᠠᠰᠤ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ᠂ ᠲᠠᠷᠢᠶᠠᠯᠠᠩ ᠤᠨ ᠣᠯᠠᠨ ᠡᠬᠢᠳᠤ᠂ ᠬᠦᠳᠡᠷ ᠤᠨ | ᠰᠢᠭᠠᠷᠤ ᠶᠢᠨ ᠬᠥᠮᠥᠷᠭᠡ ᠵᠡᠷᠭᠡ ᠶᠢᠨ ᠪᠣᠬᠢᠷᠲᠤᠯ ᠢ ᠵᠠᠰᠠᠬᠤ ᠢᠨᠵᠧᠨᠧᠷᠢᠩ ᠢ ᠲᠦᠷᠭᠡᠳᠬᠡᠨ᠂ ᠤᠰᠤ ᠠᠷᠪᠢᠯᠠᠵᠤ ᠤᠰᠤ ᠡᠵᠡᠮᠳᠡᠬᠦ ᠬᠦᠨᠴᠡ ᠲᠠᠢ | ᠠᠵᠢᠯᠯᠠᠭᠠᠨ ᠢ ᠬᠡᠷᠡᠭᠵᠢᠭᠦᠯᠵᠦ᠂ ᠴᠢᠬᠤᠯᠠ ᠰᠠᠯᠪᠤᠷᠢ ᠤᠷᠤᠰᠬᠠᠯ ᠤᠨ ᠪᠣᠬᠢᠷᠲᠤᠯ ᠢ ᠵᠠᠰᠠᠬᠤ ᠶᠢ ᠴᠢᠩᠭᠠᠳᠬᠠᠨ᠂ ᠭᠤᠤᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ 2025 ᠣᠨ ᠪᠣᠯᠬᠤ ᠳᠤ᠂ ᠬᠠᠲᠤᠨ ᠭᠤᠤᠯ ᠤᠨ | ᠭᠤᠤᠯ ᠤᠷᠤᠰᠬᠠᠯ ᠤᠨ ᠤᠰᠤᠨ ᠤ ᠴᠢᠨᠠᠷ ᠢ Ⅱᠲᠥᠷᠥᠯ ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠤ | ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | ︵ᠨᠠᠢᠮᠠ︶ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠢᠨᠵᠧᠨᠧᠷᠢᠩ᠃ ᠨᠡᠭᠦᠷᠡᠰᠦ ᠪᠠᠷ ᠭᠤᠣᠯ ᠪᠣᠯᠭᠠᠭᠰᠠᠨ | ᠦᠨᠳᠦᠰᠦᠨ ᠪᠠᠶᠢᠳᠠᠯ ᠳᠤ ᠰᠠᠭᠤᠷᠢᠯᠠᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠨᠡᠭᠦᠷᠡᠰᠦᠨ ᠤ ᠬᠡᠷᠡᠭᠯᠡᠭᠡᠨ ᠤ ᠨᠡᠮᠡᠭᠳᠡᠯ ᠢ ᠵᠦᠢ | ᠵᠣᠬᠢᠰᠲᠠᠶ ᠬᠢᠵᠠᠭᠠᠷᠯᠠᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ | ᠮᠠᠰᠢᠨ ᠴᠣᠭᠴᠠᠯᠠᠪᠤᠷᠢ ᠶᠢᠨ ᠨᠡᠭᠦᠷᠡᠰᠦᠨ ᠤ ᠬᠤᠷᠣᠭᠳᠠᠯ ᠤᠨ ᠪᠠᠷᠢᠮᠵᠢᠶ᠎ᠠ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠭᠡᠵᠦ᠂ ᠤᠳᠤ ᠬᠡᠷᠡᠭᠯᠡᠵᠦ | ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ | ᠠᠮᠢᠳᠤᠯᠢᠭ ᠴᠢᠨᠠᠷᠲᠠᠶ ᠥᠭᠡᠷᠡᠴᠢᠯᠡᠯᠲᠡ ︽ᠭᠤᠷᠪᠠᠨ ᠥᠭᠡᠷᠡᠴᠢᠯᠡᠯᠲᠡ ᠬᠤᠯᠪᠣᠭᠠᠯᠠᠨ ᠬᠥᠳᠡᠯᠦᠯᠴᠡᠬᠦ︾ ᠶᠢ ᠳᠥᠯᠭᠢᠨ ᠠᠬᠢᠭᠤᠯᠵᠤ᠂ 2025 ᠣᠨ | ᠪᠣᠯᠬᠤ ᠳᠤ᠂ ᠪᠥᠬᠦ ᠬᠤᠲᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 500 ᠲᠦᠮᠡᠨ | ᠺᠢᠯᠣᠸᠠᠲ᠂ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢ 1176 ᠲᠦᠮᠡᠨ ᠺᠢᠯᠣᠸᠠᠲ ᠪᠡᠶᠡᠯᠡᠭᠦᠯᠦᠨ᠎ᠡ᠃ ᠴᠡᠪᠡᠷ ᠳᠤᠯᠠᠭᠠᠯᠠᠭ᠎ᠠ ᠶᠢ ᠪᠥᠬᠦ ᠲᠠᠯ᠎ᠠ ᠪᠠᠷ ᠳᠥᠯᠭᠢᠨ | ᠠᠬᠢᠭᠤᠯᠵᠤ᠂ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ ᠶᠢᠨ ᠢᠯᠴᠢ ᠶᠢ ᠤᠷᠲᠤ ᠬᠤᠭᠤᠯᠠᠢ ᠪᠠᠷ ᠬᠦᠬᠡᠬᠤᠲᠠ ᠳᠤ ᠣᠷᠣᠭᠤᠯᠬᠤ᠂ | ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠯᠴᠢ ᠶᠢ ᠲᠠᠲᠠᠵᠤ ᠬᠥᠬᠡᠬᠤᠲᠠ ᠳᠤ ᠣᠷᠣᠭᠤᠯᠬᠤ ᠵᠡᠷᠭᠡ ᠢᠯᠴᠢ ᠴᠠᠬᠢᠯᠭᠠᠨ ᠢ | ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠲᠤᠯ ᠶᠡᠬᠡᠲᠡᠶ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠳᠣᠲᠣᠷᠠᠬᠢ | ᠰᠠᠭᠤᠭᠠᠯᠢ ᠠᠷᠠᠳ ᠤᠨ ᠳᠤᠯᠠᠭᠠᠯᠠᠭ᠎ᠠ ᠳᠤ ᠨᠡᠭᠦᠷᠡᠰᠦ ᠬᠡᠷᠡᠭᠯᠡᠬᠦ ᠶᠢ ︽ᠠᠷᠢᠯᠠᠭᠠᠬᠤ︾ ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠣᠷᠣᠨ ᠤ ᠡᠪᠦᠯ ᠤᠨ | ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠷᠡᠭᠯᠡᠭᠡ ᠶᠢ | ᠲᠣᠭᠲᠠᠭᠤᠨ ᠢᠶᠠᠷ ᠠᠬᠢᠭᠤᠯᠵᠤ᠂ ᠬᠤᠰᠢᠭᠤ ᠰᠢᠶᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠯᠪᠤᠷᠢ ᠱᠤᠭᠤᠮ ᠤᠨ | ᠢᠨᠵᠧᠨᠧᠷᠢᠩ ᠢ ᠬᠡᠷᠡᠭᠵᠢᠭᠦᠯᠦᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠱᠠᠨᠰᠢ ᠪᠡᠭᠡᠵᠢᠩ ᠤᠨ ᠳᠥᠷᠪᠡᠳᠦᠭᠡᠷ | ᠱᠤᠭᠤᠮ︾ ︽ᠳ᠋ᠠ ᠯᠦ ᠬᠤᠷᠢᠨᠬᠡᠷ ᠤᠨ ᠱᠤᠭᠤᠮ︾ ᠤᠨ ᠰᠢᠲᠠᠮᠠᠬᠠᠶ ᠬᠡᠶ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠠᠬᠢᠭᠤᠯᠵᠤ᠂ ᠣᠯᠠᠨ | ᠰᠢᠲᠠᠮᠠᠬᠠᠶ ᠬᠡᠶ ᠶᠢᠨ ᠢᠷᠡᠯᠲᠡ ᠲᠠᠢ ᠬᠠᠩᠭᠠᠯᠭ᠎ᠠ ᠶᠢᠨ ᠪᠠᠶᠢᠷᠢᠰᠢᠯ ᠢ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ ᠬᠤᠲᠠ ᠶᠢᠨ ᠨᠡᠭᠦᠷᠡᠰᠦᠨ ᠤ | ᠬᠡᠷᠡᠭᠯᠡᠭᠡᠨ ᠤ ᠬᠤᠪᠢ ᠶᠢᠨ ᠵᠢᠩ ᠢ 75% ᠣᠷᠴᠢᠮ ᠪᠣᠯᠲᠠᠯ᠎ᠠ ᠪᠠᠭᠤᠷᠠᠭᠤᠯᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠡᠨᠧᠷᠭᠢ ᠶᠢᠨ ᠬᠡᠷᠡᠭᠯᠡᠭᠡᠨ ᠤ | ᠶᠡᠷᠦᠩᠬᠡᠶ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠢ 18% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠶᠢᠰᠦ︶ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ᠃ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠪᠣᠳᠣᠵᠤ ᠲᠦᠷᠬᠢᠵᠦ ᠤᠭᠰᠠᠷᠠᠬᠤ᠂ ᠡᠮ ᠡᠮᠨᠡᠯᠭᠡ᠂ ᠪᠣᠭᠤᠳᠠᠯᠯᠠᠵᠤ ᠳᠠᠷᠤᠮᠠᠯᠯᠠᠬᠤ ᠪᠠ ᠲᠣᠰᠣᠨ ᠤ ᠵᠦᠢᠯ ᠢ | ᠬᠠᠳᠠᠭᠠᠯᠠᠵᠤ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠᠷ ᠭᠤᠤᠯᠳᠠᠯᠭ᠎ᠠ ᠪᠣᠯᠭᠠᠵᠤ᠂ ᠳᠡᠭᠳᠡᠮᠡᠬᠡᠶ ᠴᠢᠨᠠᠷ ᠢᠶᠠᠷ ᠳᠣᠤᠷ᠎ᠠ | ᠣᠷᠭᠠᠨᠢᠭ ᠪᠣᠳᠠᠰ ᠤᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠦᠢᠯᠡᠳᠬᠦᠨ ᠤ ᠡᠬᠢ ᠡᠭᠦᠰᠦᠯ ᠤᠨ ᠣᠷᠣᠯᠠᠭᠤᠯᠤᠯᠲᠠ ᠶᠢ ᠨᠡᠮᠡᠭᠳᠡᠭᠦᠯᠦᠨ᠂ | ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠨᠣᠷᠮ᠎ᠠ᠂ ᠵᠠᠰᠠᠬᠤ ᠪᠡᠯᠡᠳᠬᠡᠮᠵᠢ ᠶᠢ ᠵᠡᠷᠭᠡ ᠳᠤᠨᠢ ᠠᠵᠢᠯᠯᠠᠭᠤᠯᠬᠤ ᠨᠣᠷᠮ᠎ᠠ ᠪᠠ ᠲᠠᠶᠠᠭᠳᠠᠬᠤ ᠨᠣᠷᠮ᠎ᠠ ᠶᠢ | ᠳᠡᠭᠡᠭᠰᠢᠯᠡᠭᠦᠯᠵᠦ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠵᠣᠬᠢᠶᠠᠨ ᠪᠠᠶᠢᠭᠤᠯᠤᠯᠲᠠ ᠥᠬᠡᠶ ᠪᠠᠷ | ᠭᠠᠳᠠᠭᠰᠢᠯᠠᠭᠤᠯᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠮᠠᠷᠬᠠᠨ ᠳᠡᠭᠳᠡᠳᠡᠭ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ | ᠰᠠᠪᠠ ᠶᠢ ᠦᠭᠡᠷᠡᠴᠢᠯᠡᠵᠦ᠂ ᠬᠥᠪᠦᠮᠡᠯ ᠳᠡᠭᠡᠪᠦᠷ ᠲᠠᠢ ᠰᠠᠪᠠ ᠳᠤ ᠰᠢᠩᠭᠡᠨ ᠪᠡᠶ᠎ᠡ ᠳᠤ ᠪᠦᠷᠢᠨ ᠬᠦᠷᠦᠯᠴᠡᠬᠦ ᠲᠠᠪᠠᠭ ᠪᠠ ᠥᠨᠳᠥᠷ ᠪᠦᠲᠦᠮᠵᠢᠲᠡᠶ ᠳᠠᠪᠬᠤᠷ | ᠪᠢᠲᠡᠭᠦᠮᠵᠢᠯᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠬᠠᠶᠠᠭᠳᠠᠮᠠᠯ ᠤᠰᠤᠨ ᠤ ᠰᠢᠰᠲ᠋ᠧᠮ᠂ ᠥᠨᠳᠥᠷ ᠥᠳᠬᠡᠴᠡ ᠲᠠᠢ ᠬᠠᠶᠠᠭᠳᠠᠮᠠᠯ ᠬᠡᠶ ᠶᠢ ᠲᠤᠰᠠᠭᠠᠷ | ᠬᠤᠷᠢᠶᠠᠨ ᠴᠤᠭᠯᠠᠭᠤᠯᠵᠤ ᠰᠢᠢᠳᠪᠦᠷᠢᠯᠡᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ ᠰᠠᠪᠠ᠂ ᠠᠴᠢᠶᠠᠯᠠᠵᠤ ᠪᠠᠭᠤᠯᠭᠠᠬᠤ᠂ | ᠰᠢᠩᠭᠡᠨ ᠤ ᠭᠠᠳᠠᠷᠭᠤ ᠶᠢ ᠨᠡᠭᠡᠭᠡᠬᠦ᠂ ᠯᠡᠪᠡᠷᠡᠬᠦ ᠶᠢ ᠪᠠᠶᠢᠴᠠᠭᠠᠨ ᠬᠡᠮᠵᠢᠬᠦ ᠪᠠ ᠰᠡᠯᠪᠢᠨ ᠵᠠᠰᠠᠬᠤ᠂ ᠬᠠᠶᠠᠭᠳᠠᠮᠠᠯ ᠬᠡᠶ ᠶᠢ ᠴᠤᠭᠯᠠᠭᠤᠯᠬᠤ᠂ ᠬᠠᠶᠠᠭᠳᠠᠮᠠᠯ ᠬᠠᠵᠠᠭᠤ | ᠵᠠᠮ᠂ ᠵᠠᠰᠠᠬᠤ ᠪᠡᠯᠡᠳᠭᠡᠮᠵᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠨᠢᠭᠡ ᠦᠢᠯᠡᠳᠪᠦᠷᠢ ᠳᠤ ᠨᠢᠭᠡ ᠠᠷᠭ᠎ᠠ | ᠪᠤᠳᠤᠯᠭ᠎ᠠ︾ ᠪᠠᠷ ᠪᠠᠷᠢᠮᠵᠢᠶ᠎ᠠ ᠳᠤ ᠬᠦᠷᠭᠡᠬᠦ ᠲᠥᠰᠦᠯ ᠢ ᠲᠤᠭᠲᠠᠭᠠᠨ᠎ᠠ᠃ ᠠᠵᠢᠯ ᠡᠬᠢᠯᠡᠭᠦᠯᠬᠦ ᠵᠣᠭᠰᠣᠭᠠᠬᠤ ᠪᠠ ᠪᠠᠶᠢᠴᠠᠭᠠᠨ ᠵᠠᠰᠠᠬᠤ ᠰᠡᠯᠪᠢᠨ ᠵᠠᠰᠠᠬᠤ | ᠬᠤᠭᠤᠴᠠᠭ᠎ᠠ ᠵᠡᠷᠭᠡ ᠬᠡᠪ ᠤᠨ ᠪᠤᠰᠤ ᠠᠵᠢᠯ ᠤᠨ ᠪᠠᠶᠢᠳᠠᠯ ᠠᠴᠠ ᠡᠭᠦᠰᠦᠭᠰᠡᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ | ᠡᠵᠡᠮᠳᠡᠬᠦ ᠶᠢ ᠴᠢᠩᠭᠠᠳᠬᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠬᠠᠶᠠᠭᠳᠠᠮᠠᠯ ᠬᠡᠶ ᠶᠢᠨ ᠬᠠᠵᠠᠭᠤ ᠵᠠᠮ ᠳᠤ ᠬᠤᠯᠪᠣᠭᠳᠠᠭᠰᠠᠨ ᠬᠢᠨᠠᠨ ᠬᠠᠮᠢᠶᠠᠷᠤᠯᠲᠠ | ᠵᠢᠭᠰᠠᠭᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ 2025 ᠣᠨ ᠪᠣᠯᠬᠤ ᠳᠤ᠂ ᠠᠭᠤᠰᠬᠠᠭᠴᠢ ᠬᠡᠯᠪᠡᠷᠢ ᠶᠢᠨ ᠠᠵᠤ ᠦᠢᠯᠡᠳᠪᠦᠷᠢ ᠶᠢᠨ ᠰᠢᠷ ᠪᠤᠳᠤᠭ᠂ | ᠲᠣᠰᠣᠨ ᠪᠡᠭᠡ ᠶᠢ ᠬᠡᠷᠡᠭᠯᠡᠬᠦ ᠬᠠᠷᠢᠴᠠᠯ ᠢ ᠲᠣᠰ ᠲᠣᠰ 20%᠂ 10% ᠪᠠᠷ ᠪᠠᠭᠤᠷᠠᠭᠤᠯᠵᠤ᠂ ᠠᠭᠤᠰᠬᠠᠭᠴᠢ ᠬᠡᠯᠪᠡᠷᠢ ᠶᠢᠨ ᠨᠠᠭᠠᠯᠳᠤᠭᠤᠯᠤᠭᠴᠢ ᠡᠳ᠋ ᠢ | ᠬᠡᠷᠡᠭᠯᠡᠬᠦ ᠬᠡᠮᠵᠢᠶ᠎ᠡ ᠶᠢ 20% ᠪᠠᠷ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | ︵ᠠᠷᠪᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ᠃ ᠬᠤᠲᠠ ᠪᠠᠯᠭᠠᠰᠤ ᠶᠢᠨ ᠤᠰᠤ | ᠵᠠᠯᠠᠬᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠯᠢᠯᠳᠤᠭᠤᠯᠤᠨ ᠵᠠᠯᠭᠠᠭᠰᠠᠨ᠂ ᠣᠷᠬᠢᠭᠳᠠᠭᠤᠯᠤᠨ ᠵᠠᠯᠭᠠᠭᠰᠠᠨ᠂ | ᠬᠠᠭᠤᠴᠢᠷᠠᠵᠤ ᠡᠪᠳᠡᠷᠡᠭᠰᠡᠨ ᠬᠤᠭᠤᠯᠠᠶ ᠶᠢᠨ ᠲᠣᠤᠷ ᠢ ᠰᠢᠨᠡᠳᠬᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠪᠣᠷᠣᠭᠠᠨ ᠤ ᠤᠰᠤ ᠪᠠ ᠪᠤᠬᠢᠷ ᠤᠰᠤ ᠶᠢ | ᠰᠠᠯᠭᠠᠬᠤ ᠦᠭᠡᠷᠡᠴᠢᠯᠡᠯᠲᠡ ᠶᠢ ᠠᠬᠢᠭᠤᠯᠵᠤ᠂ ᠪᠣᠬᠢᠷ ᠰᠢᠪᠠᠷ ᠢ ᠰᠢᠢᠳᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠤᠯᠤᠰ ᠤᠨ ᠬᠠᠶᠢᠮᠢᠶᠠᠨ | ᠬᠤᠲᠠ ᠶᠢ ᠴᠢᠷᠮᠠᠶᠢᠨ ᠪᠠᠶᠢᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠪᠣᠬᠢᠷ ᠰᠢᠪᠠᠷ ᠢ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 800 | ᠲᠣᠨ ᠣᠷᠴᠢᠮ ᠳᠤ ᠬᠦᠷᠦᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ᠂ ᠬᠤᠣᠷ | ᠦᠭᠡᠶᠢᠳᠡᠭᠦᠯᠬᠦ᠂ ᠡᠬᠢ ᠪᠠᠶᠠᠯᠢᠭᠵᠢᠭᠤᠯᠬᠤ ᠪᠠ ᠲᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ᠂ | ᠬᠦᠬᠦᠷ ᠥᠬᠡᠶᠢᠳᠡᠭᠦᠯᠦᠭᠰᠡᠨ ᠵᠤᠭᠠᠩ᠂ ᠵᠤᠤᠬᠠᠨ ᠤ ᠰᠢᠭᠠᠷᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠱᠦᠢᠨᠢ ᠶᠢᠨ | ᠬᠤᠯᠢᠮᠠᠭ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ᠂ ᠬᠥᠷᠥᠰᠥ ᠰᠢᠷᠣᠶ ᠶᠢ ᠰᠠᠶᠢᠵᠢᠷᠠᠭᠤᠯᠬᠤ ᠡᠳ᠋ ᠵᠡᠷᠭᠡ ᠬᠦᠷᠢᠶᠡᠨ ᠳᠤ ᠬᠡᠷᠡᠭᠯᠡᠬᠦ ᠶᠢ | ᠵᠣᠷᠢᠭᠵᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠳᠠᠬᠢᠨ | ᠡᠭᠦᠰᠬᠦ ᠶᠠᠰᠤᠨ ᠮᠠᠲ᠋ᠧᠷᠢᠶᠠᠯ᠂ ᠪᠦᠲᠦᠭᠡᠭᠳᠡᠬᠦᠨ ᠵᠡᠷᠭᠡ ᠶᠢ ᠪᠠᠷᠢᠯᠭ᠎ᠠ ᠶᠢᠨ ᠠᠵᠢᠯ ᠪᠠ ᠵᠠᠮ ᠤᠨ ᠪᠠᠷᠢᠯᠭ᠎ᠠ ᠳᠤ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ | ᠶᠡᠷᠦᠩᠬᠡᠶᠢᠯᠡᠨ ᠠᠰᠢᠭᠯᠠᠬᠤ ᠨᠢᠷᠤᠭᠤᠪᠴᠢ ᠠᠵᠤ ᠠᠬᠤᠶᠢᠯᠠᠯ ᠢ ᠪᠤᠶᠢᠵᠢᠭᠤᠯᠤᠨ᠂ ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠤᠷᠢᠨᠭᠡᠷ ᠰᠢᠶᠠᠨ ᠤ ᠶᠡᠭᠡ ᠬᠡᠮᠵᠢᠶᠡᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠵᠤ᠂ ᠴᠢᠩ ᠱᠦᠶ ᠾᠧ ᠰᠢᠶᠠᠨ ᠤ | ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠶᠢ ᠳᠡᠮᠵᠢᠨ᠎ᠡ᠃ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ | ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠦ᠂ ᠬᠤᠭᠤᠯᠠᠨ ᠬᠡᠷ ᠲᠣᠭᠤᠭᠠᠨ ᠬᠡᠷ ᠤᠨ ᠬᠤᠭ | ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠲᠥᠪᠯᠡᠷᠡᠩᠭᠦᠶ ᠮᠠᠶ᠋ᠢᠭ ᠪᠠ ᠲᠠᠷᠬᠠᠮᠠᠯ ᠮᠠᠶ᠋ᠢᠭ ᠢ ᠬᠠᠷᠢᠯᠴᠠᠨ ᠤᠶᠠᠯᠳᠤᠭᠤᠯᠤᠭᠰᠠᠨ | ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ ᠪᠠᠶᠢᠷᠢᠯᠠᠭᠤᠯᠤᠯᠲᠠ ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠂ 2023 ᠣᠨ ᠪᠣᠯᠬᠤ ᠳᠤ ᠬᠤᠲᠠ ᠶᠢᠨ ᠠᠮᠢᠳᠤᠷᠠᠯ ᠤᠨ ᠤᠭ ᠡᠬᠢ ᠬᠤᠭ ᠨᠣᠪᠰᠢ ᠶᠢ ︽ᠪᠤᠯᠠᠬᠤ ᠥᠬᠡᠶ︾ ᠪᠤᠯᠭᠠᠬᠤ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶ | ᠭᠤᠷᠪᠠ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ | ︵ᠨᠢᠭᠡ︶ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠳᠦᠷᠢᠮ ᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠢᠮᠠᠬᠠᠢ ᠴᠢᠨᠠᠷᠲᠠᠢ ᠬᠠᠮᠢᠶᠠᠷᠤᠯᠲᠠ ᠶᠢ ᠴᠢᠩᠭᠠᠳᠬᠠᠵᠤ᠂ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠥᠷᠥ ᠶᠢᠨ ᠪᠣᠳᠤᠯᠭ᠎ᠠ ᠶᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ | ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠨ᠎ᠠ᠃ ᠡᠨᠧᠷᠭᠢ ᠶᠢᠨ ᠬᠦᠴᠦᠨ ᠵᠦᠢᠯ ᠤᠨ | ᠵᠦᠢ ᠵᠣᠬᠢᠰᠲᠠᠢ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠦᠨᠳᠦᠰᠦᠯᠡᠨ᠂ ᠡᠯ᠎ᠡ ᠭᠠᠵᠠᠷ ᠣᠷᠣᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠦᠴᠦᠯᠡᠴᠡ ᠶᠢᠨ ᠬᠠᠷᠠᠯᠲᠠ ᠡᠭᠦᠷᠭᠡ ᠶᠢ ᠵᠦᠢ ᠵᠣᠬᠢᠰᠲᠠᠢ ᠰᠠᠯᠭᠠᠵᠤ ᠪᠠᠭᠤᠯᠭᠠᠨ᠎ᠠ᠂ ᠡᠨᠧᠷᠭᠢ ᠶᠢᠨ ᠬᠤᠷᠣᠭᠳᠠᠯ ᠤᠨ | ᠶᠡᠷᠦᠩᠬᠡᠢ ᠬᠡᠮᠵᠢᠶ᠎ᠡ ᠪᠠᠷ ᠵᠢᠱᠢᠭᠰᠡᠨ ᠴᠢᠨᠠᠷᠲᠠᠢ ᠭᠦᠢᠴᠡᠳᠬᠡᠯ ᠲᠤᠭ᠎ᠠ ᠪᠣᠯᠭᠠᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠢᠱᠢᠭᠰᠡᠨ ᠬᠠᠷᠠᠯᠲᠠ ᠠᠴᠠ | ᠳᠠᠪᠠᠭᠰᠠᠨ ᠭᠠᠵᠠᠷ ᠣᠷᠣᠨ ᠨᠤᠭᠤᠳ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠠᠯᠲᠠ ᠳᠤ ᠪᠠᠨ ᠵᠣᠬᠢᠴᠠᠩᠭᠤᠢ ᠲᠣᠬᠢᠷᠠᠭᠤᠯᠤᠯᠲᠠ ᠬᠢᠵᠦ | ᠪᠣᠯᠣᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠤᠷᠮᠠᠰᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠭᠠᠵᠠᠷ ᠣᠷᠣᠨ ᠢ ᠡᠨᠧᠷᠭᠢ ᠶᠢᠨ | ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠬᠢᠨᠠᠨ ᠰᠢᠯᠭᠠᠬᠤ ᠠᠴᠠ ᠬᠡᠯᠲᠦᠷᠢᠭᠦᠯᠦᠨ᠎ᠡ᠃ ᠡᠯ᠎ᠡ ᠭᠠᠵᠠᠷ ᠣᠷᠣᠨ ᠤ ︽ᠠᠷᠪᠠᠨ ᠳᠦᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ | ᠬᠤᠷᠤᠭᠳᠠᠯ ᠤᠨ ᠶᠡᠷᠦᠩᠬᠡᠢ ᠬᠡᠮᠵᠢᠶ᠎ᠡ ᠶᠢᠨ ᠬᠢᠨᠠᠨ ᠰᠢᠯᠭᠠᠯᠲᠠ ᠳᠤ ᠣᠷᠣᠭᠤᠯᠬᠤ ᠦᠭᠡᠢ᠂ ᠲᠦᠭᠦᠬᠡᠢ ᠮᠠᠲ᠋ᠧᠷᠢᠶᠠᠯ ᠢᠶᠠᠷ ᠬᠡᠷᠡᠭᠯᠡᠬᠦ ᠡᠨᠧᠷᠭᠢ ᠶᠢ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠪᠠ ᠶᠡᠷᠦᠩᠬᠡᠢ ᠬᠡᠮᠵᠢᠶ᠎ᠡ ᠶᠢᠨ ᠬᠤᠣᠰ ᠡᠵᠡᠮᠳᠡᠯ ᠤᠨ ᠬᠢᠨᠠᠨ ᠰᠢᠯᠭᠠᠯᠲᠠ ᠳᠤ ᠣᠷᠣᠭᠤᠯᠬᠤ ᠦᠭᠡᠢ᠂ ᠤᠯᠤᠰ᠂ ᠥᠪᠡᠷᠲᠡᠭᠡᠨ | ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠬᠦ ᠭᠤᠣᠯᠳᠠᠯᠭ᠎ᠠ ᠲᠠᠢ ᠲᠥᠷᠥᠯ ᠵᠦᠢᠯ ᠳᠤ ᠡᠨᠧᠷᠭᠢ ᠶᠢᠨ ᠬᠤᠷᠤᠭᠳᠠᠯ ᠤᠨ ᠭᠦᠢᠴᠡᠳᠬᠡᠯ ᠲᠤᠭ᠎ᠠ ᠶᠢᠨ ᠲᠤᠰᠬᠠᠢ | ᠵᠢᠭᠰᠠᠭᠠᠯᠲᠠ ᠭᠠᠷᠭᠠᠵᠤ ᠥᠭᠬᠦ ᠪᠠᠷ ᠢᠳᠡᠪᠬᠢᠲᠡᠢ ᠭᠤᠶᠤᠴᠢᠯᠠᠵᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠡᠪ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠳᠣᠣᠷ᠎ᠠ ᠬᠦᠴᠦᠯᠡᠴᠡ ᠲᠠᠢ ᠴᠢᠨᠠᠷ ᠰᠠᠶᠢᠲᠠᠢ ᠲᠦᠷᠦᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠵᠦᠢ ᠵᠣᠬᠢᠰᠲᠠᠢ ᠪᠠᠲᠤᠯᠠᠵᠤ᠂ ᠥᠨᠳᠥᠷ | ᠬᠦᠴᠦᠯᠡᠴᠡ ᠲᠠᠢ ᠲᠦᠷᠦᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠢᠨᠠᠨ ᠰᠢᠯᠭᠠᠬᠤ | ᠤᠳᠠᠭ᠎ᠠ ᠳᠠᠪᠳᠠᠮᠵᠢ ᠶᠢ ᠰᠢᠯᠢᠳᠡᠭᠵᠢᠭᠦᠯᠵᠦ᠂ ︽ᠣᠨ ᠤ ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ ᠲᠠᠪᠤᠨ ᠵᠢᠯ ᠤᠨ ᠬᠢᠨᠠᠨ ᠰᠢᠯᠭᠠᠯᠲᠠ︾ | ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠤ ᠨᠢᠭᠡᠳᠦᠯᠲᠡᠢ ᠲᠥᠯᠥᠪᠯᠡᠨ ᠬᠢᠨᠠᠨ ᠰᠢᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ | ︶ | ︵ᠬᠤᠶᠠᠷ︶ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠦᠷᠢᠨᠰᠢᠭᠦᠯᠦᠨ᠎ᠡ᠃ ᠨᠠᠷᠢᠯᠢᠭ ᠣᠨᠣᠴᠠᠲᠠᠢ ᠪᠠᠷ | ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ ᠲᠦᠷᠭᠡᠳᠬᠡᠬᠦ᠂ | ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠬᠤ᠂ ᠣᠷᠴᠢᠨ ᠲᠣᠭᠤᠷᠢᠨ ᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ | ᠭᠠᠷᠳᠠᠴᠠ ᠪᠣᠯᠭᠠᠵᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠦᠲᠦᠮᠵᠢᠲᠡᠶ ᠴᠢᠳᠠᠪᠤᠷᠢ ᠶᠢ ᠪᠤᠢ ᠪᠣᠯᠭᠠᠨ᠎ᠠ᠃ ᠪᠣᠬᠢᠷᠳᠣᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ | ᠪᠠᠭᠠᠰᠬᠠᠬᠤ ᠭᠦᠢᠴᠡᠳᠬᠡᠯ ᠲᠤᠭ᠎ᠠ ᠶᠢ ᠵᠠᠳᠠᠯᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ᠂ ᠬᠢᠨᠠᠨ | ᠰᠢᠯᠭᠠᠵᠤ ᠪᠣᠯᠬᠤ ᠵᠠᠷᠴᠢᠮ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠬᠡᠮᠵᠢᠶ᠎ᠡ ᠶᠢ ᠰᠠᠯᠭᠠᠨ ᠪᠠᠭᠤᠯᠭᠠᠵᠤ᠂ ᠪᠣᠬᠢᠷᠲᠤᠯ ᠢ ᠵᠠᠰᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠭᠠᠵᠠᠷ ᠣᠷᠣᠨ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠬᠠᠷᠢᠴᠠᠩᠭᠤᠢ ᠪᠠᠷ ᠢᠯᠡᠭᠦᠦ ᠰᠢᠭ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠪᠣᠬᠢᠷᠳᠤᠯ | ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠢ ᠣᠨ ᠵᠢᠯ ᠢᠶᠠᠷ ᠨᠠᠶᠢᠳᠠᠪᠤᠷᠢᠵᠢᠭᠤᠯᠬᠤ ᠶᠢ ᠵᠢᠯᠤᠭᠤᠳᠤᠨ᠂ ᠶᠡᠷᠦᠩᠬᠡᠢ ᠬᠡᠮᠵᠢᠶ᠎ᠡ ᠶᠢ ᠬᠢᠨᠠᠨ ᠪᠣᠳᠤᠬᠤ ᠶᠢ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠨᠠᠨ ᠵᠦᠪᠰᠢᠶᠡᠷᠡᠯᠲᠡ ᠵᠡᠷᠭᠡ ᠳᠥᠷᠢᠮ ᠯᠦᠭᠡ | ᠵᠣᠯᠭᠠᠭᠤᠯᠬᠤ ᠶᠢ ᠴᠢᠩᠭᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠢᠨᠠᠯᠲᠠ ᠬᠠᠮᠢᠶᠠᠷᠤᠯᠲᠠ ᠪᠠ ᠬᠠᠷᠠᠯᠲᠠᠲᠤ ᠬᠢᠨᠠᠨ | ᠰᠢᠯᠭᠠᠯᠲᠠ ᠶᠢ ᠴᠢᠩᠭᠠᠳᠬᠠᠵᠤ᠂ ᠤᠷᠮᠠᠰᠢᠭᠤᠯᠬᠤ ᠪᠠ ᠬᠢᠵᠠᠭᠠᠷᠯᠠᠬᠤ ᠲᠤᠭᠲᠠᠴᠠ ᠶᠢ ᠪᠦᠷᠢᠨᠰᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︶ | ︵ᠭᠤᠷᠪᠠ︶ ᠡᠨᠧᠷᠭᠢ ᠶᠢᠨ ᠬᠤᠷᠣᠭᠳ᠋ᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠳᠣᠣᠷ᠎ᠠ ᠬᠢᠷᠢ ᠲᠦᠪᠰᠢᠨ ᠲᠠᠢ ᠲᠦᠷᠦᠯ ᠵᠦᠢᠯ ᠢ ᠰᠣᠬᠤᠷ | ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠥᠪᠡᠷᠲᠡᠭᠡᠨ ᠵᠠᠰᠠᠬᠤ ᠣᠷᠣᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠲᠤᠬᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ︾ ︽ | ︿ᠬᠤᠶᠠᠷ ᠶᠡᠬᠡᠲᠡᠢ﹀ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ | ᠭᠠᠷᠴᠠᠭ︾ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠬᠢᠮᠢ ᠶᠢᠨ ᠠᠵᠤ | ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠨᠡᠭᠦᠷᠡᠰᠦ ᠪᠠᠷ | ᠴᠠᠬᠢᠯᠭᠠᠨ ᠭᠠᠷᠭᠠᠬᠤ ᠨᠠᠢᠮᠠᠨ ᠶᠡᠭᠡ ᠠᠵᠢᠯ ᠲᠥᠷᠥᠯ ᠤᠨ ᠡᠨᠧᠷᠭᠢ ᠶᠢᠨ ᠬᠤᠷᠤᠭᠳᠠᠯ ᠢ 5 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠴᠠ ᠳᠡᠭᠡᠭᠰᠢ ︵ᠠᠳᠠᠯᠢ | ᠥᠷᠲᠡᠭ ᠤᠨ︶ ᠪᠠᠷ ᠵᠢᠷᠤᠵᠤ ᠲᠦᠯᠦᠪᠯᠡᠭᠰᠡᠨ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ᠂ | ᠦᠯᠡᠳᠡᠭᠡᠯ ︽ᠬᠤᠶᠠᠷ ᠶᠡᠬᠡᠲᠡᠢ︾ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠲᠥᠷᠥᠯ ᠬᠤᠪᠢᠶᠠᠨ | ᠰᠢᠢᠳᠪᠦᠷᠢᠯᠡᠬᠦ᠂ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ︽ ᠡᠨᠧᠷᠭᠢ ᠶᠢᠨ ᠠᠰᠢᠭᠯᠠᠮᠵᠢ ᠶᠢᠨ ᠬᠢᠵᠠᠭᠠᠷᠯᠠᠯ ᠢ ᠴᠢᠩᠳᠠᠯᠠᠵᠤ | ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠲᠦᠯᠬᠢᠨ ᠠᠬᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠡᠨᠧᠷᠭᠢ ᠶᠢᠨ | ᠠᠰᠢᠭᠯᠠᠮᠵᠢ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠲᠦᠪᠰᠢᠨ | ᠠᠴᠠ ᠳᠣᠣᠷ᠎ᠠ ᠪᠠᠶᠢᠭ᠎ᠠ ᠦᠯᠡᠳᠡᠭᠡᠯ ᠲᠥᠷᠥᠯ ᠵᠦᠢᠯ ᠢ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠤᠯᠤᠰ ᠤᠨ ᠰᠠᠭᠤᠷᠢ | ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠭᠡᠨ᠎ᠡ︔ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ ᠲᠦᠪᠰᠢᠨ ᠪᠠ ᠰᠠᠭᠤᠷᠢ ᠪᠠᠷᠢᠮᠵᠢᠶ᠎ᠠ ᠶᠢᠨ ᠬᠢᠷᠢ | ᠲᠦᠪᠰᠢᠨ ᠤ ᠬᠤᠭᠤᠷᠣᠨᠳᠤ ᠪᠠᠶᠢᠬᠤ ᠲᠥᠷᠥᠯ ᠵᠦᠢᠯ ᠳᠤ᠂ ᠤᠯᠤᠰ ᠤᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ ᠥᠭᠡᠷᠡᠴᠢᠯᠡᠨ | ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ ᠶᠢᠨ ᠨᠡᠷᠡᠰ ᠲᠤ ᠣᠷᠤᠭᠤᠯᠬᠤ ᠪᠠᠷ | ᠴᠢᠷᠮᠠᠶᠢᠨ᠎ᠠ︔ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠪᠦᠬᠦᠨ ᠢ ᠤᠯᠤᠰ ᠤᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ | ᠢᠶᠠᠷ ᠵᠢᠷᠤᠵᠤ ᠲᠦᠯᠦᠪᠯᠡᠨ ᠪᠦᠲᠦᠭᠡᠨ ᠪᠠᠶᠢᠭᠤᠯᠤᠨ᠎ᠠ︔ ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠲᠥᠷᠥᠯ ᠵᠦᠢᠯ ᠢ | ᠡᠷᠡᠰ ᠰᠢᠭᠰᠢᠵᠦ᠂ ᠰᠢᠭᠰᠢᠭᠳᠡᠭᠦᠯᠬᠦ ᠴᠠᠭ ᠤᠨ ᠬᠢᠵᠠᠭᠠᠷ ᠢ 3 ᠵᠢᠯ ᠠᠴᠠ ᠬᠡᠳᠦᠷᠡᠭᠦᠯᠬᠦ ᠦᠭᠡᠢ᠃ ︽ᠬᠤᠶᠠᠷ ᠶᠡᠬᠡᠳᠡᠢ︾ ᠲᠦᠷᠦᠯ ᠵᠦᠢᠯ ᠤᠨ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ︽ᠬᠤᠶᠠᠷ ᠶᠡᠬᠡᠳᠡᠢ︾ ᠲᠦᠷᠦᠯ ᠵᠦᠢᠯ ᠢ | ᠪᠦᠬᠦᠨ ᠢ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠳᠤ ᠣᠷᠣᠭᠤᠯᠵᠤ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ | ᠨᠡᠶᠢᠴᠡᠬᠦ ᠦᠭᠡᠢ᠂ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠰᠡᠨ᠂ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠤᠭᠰᠠᠨ᠂ ᠵᠦᠪᠰᠢᠶᠡᠷᠡᠭᠰᠡᠨ ᠪᠠ | ᠪᠠᠶᠢᠭᠤᠯᠤᠭᠰᠠᠨ ᠨᠢ ᠨᠡᠶᠢᠴᠡᠬᠦ ᠦᠭᠡᠢ᠂ ᠴᠤᠬᠤᠯᠠᠪᠤᠷᠢᠯᠠᠭᠰᠠᠨ ᠠᠴᠠ ᠳᠠᠪᠠᠭᠤᠯᠤᠨ ᠡᠨᠧᠷᠬᠢ ᠬᠡᠷᠡᠭᠯᠡᠭᠰᠡᠨ᠂ ᠪᠠᠷᠢᠮᠵᠢᠶ᠎ᠠ ᠠᠴᠠ ᠬᠡᠳᠦᠷᠡᠭᠦᠯᠦᠨ ᠪᠣᠬᠢᠷᠳᠤᠯ | ᠭᠠᠳᠠᠭᠰᠢᠯᠠᠭᠤᠯᠤᠭᠰᠠᠨ ︽ᠬᠤᠶᠠᠷ ᠶᠡᠬᠡᠳᠡᠢ︾ ᠲᠦᠷᠦᠯ ᠵᠦᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠳᠥᠷᠪᠡ︶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠯ ᠪᠦᠷᠢ ᠵᠣᠬᠢᠬᠤ ᠲᠤᠰᠬᠠᠢ ᠵᠦᠢᠯ ᠤᠨ | ᠪᠡᠯᠡ ᠮᠥᠩᠭᠦ ᠶᠢ ᠵᠣᠬᠢᠰᠲᠠᠢ ᠲᠣᠬᠢᠷᠠᠭᠤᠯᠵᠤ᠂ ᠭᠤᠣᠯᠳᠠᠯᠭ᠎ᠠ ᠲᠠᠢ ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠴᠢᠬᠤᠯᠠ ᠶᠡᠭᠡ ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ | ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ ᠵᠡᠷᠭᠡ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ | ᠢᠨᠵᠧᠨᠧᠷᠢᠩ ᠳᠤ ᠳᠡᠮᠵᠢᠯᠭᠡ ᠦᠵᠡᠭᠦᠯᠬᠦ ᠪᠠ ᠢᠵᠢ ᠪᠦᠷᠢᠳᠦᠭᠦᠯᠵᠦ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠭᠰᠠᠨ | ᠦᠷ᠎ᠡ ᠳ᠋ᠦᠩ ᠨᠢ ᠳᠠᠪᠠᠭᠤᠯᠤᠨ ᠪᠡᠶᠡᠯᠡᠭᠦᠯᠦᠭᠰᠡᠨ ᠵᠡᠷᠭᠡ ᠳᠡᠰ ᠲᠠᠢ ᠭᠠᠵᠠᠷ ᠣᠷᠣᠨ ᠢ ᠱᠠᠩᠨᠠᠨ᠎ᠠ᠃ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ | ᠴᠠᠬᠢᠯᠭᠠᠨ ᠤ ᠱᠠᠲᠤᠯᠢᠭ ᠦᠨ᠎ᠡ ᠶᠢᠨ ᠲᠦᠷᠦ ᠶᠢᠨ ᠪᠣᠳᠣᠯᠭ᠎ᠠ᠂ ᠵᠠᠯᠬᠠᠭᠠᠬᠤ ᠴᠢᠨᠠᠷᠲᠠᠢ ᠠᠷᠠᠯᠵᠢᠶᠠᠨ ᠤ ᠴᠠᠬᠢᠯᠭᠠᠨ ᠤ ᠦᠨ᠎ᠡ ᠪᠠ ᠴᠠᠬᠢᠯᠭᠠᠨ ᠤ ᠵᠠᠬ᠎ᠠ | ᠳᠡᠯᠭᠡᠭᠦᠷ ᠤᠨ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠵᠤ ᠤᠰᠤ | ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠦᠴᠦᠨ ᠵᠦᠢᠯ ᠢ ᠨᠢᠭᠡᠴᠢ ᠡᠨᠧᠷᠭᠢ ᠶᠢᠨ ᠬᠤᠷᠣᠭᠳᠠᠯ ᠠᠴᠠ ᠭᠠᠷᠤᠭᠰᠠᠨ ᠦᠷ᠎ᠡ ᠠᠰᠢᠭ ᠢᠶᠠᠷ | ᠥᠨᠳᠥᠷ ᠠᠵᠤ ᠦᠢᠯᠡᠰ ᠪᠠ ᠲᠦᠷᠦᠯ ᠵᠦᠢᠯ ᠲᠡᠰᠢ ᠬᠡᠯᠪᠡᠶᠢᠯᠭᠡᠬᠦ ᠶᠢ ᠲᠦᠯᠬᠢᠨ ᠠᠬᠢᠭᠤᠯᠤᠨ᠎ᠠ᠃ ︽ᠪᠣᠬᠢᠷᠳᠤᠯ ᠦᠭᠡᠢ ᠮᠦᠩᠭᠦᠨ ᠬᠦᠢᠯᠭᠡᠭᠡ︾ ᠶᠢᠨ ᠵᠠᠰᠠᠭ | ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ | ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠳᠠᠬᠢᠨ ᠪᠡᠯᠡ ᠲᠣᠬᠢᠷᠠᠭᠤᠯᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠪᠣᠬᠢᠷᠲᠤᠯ ᠦᠭᠡᠢ ᠠᠵᠤ | ᠠᠬᠤᠶᠢᠯᠠᠯ ᠪᠤᠶᠤ ᠲᠥᠷᠥᠯ ᠵᠦᠢᠯ ᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠪᠤᠶᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠬᠤ | ᠪᠠᠭᠠᠵᠢ ᠪᠠᠷ ᠳᠡᠮᠵᠢᠨ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠬᠤᠲᠠ ᠪᠠᠯᠭᠠᠰᠤ ᠶᠢᠨ ᠳᠤᠯᠠᠭᠠᠯᠠᠭ᠎ᠠ ᠶᠢᠨ ᠦᠨ᠎ᠡ ᠬᠠᠩᠰᠢ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ︶ | ︵ᠲᠠᠪᠤ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ ᠳᠦᠷᠢᠮ ᠢ ᠨᠠᠶᠢᠳᠠᠪᠤᠷᠢᠵᠢᠭᠤᠯᠵᠤ᠂ ᠠᠷᠪᠢᠯᠠᠭᠰᠠᠨ ᠡᠨᠧᠷᠭᠢ ᠶᠢᠨ ᠠᠷᠠᠯᠵᠢᠶᠠᠨ ᠤ ᠲᠣᠭᠲᠠᠴᠠ ᠶᠢ ᠬᠠᠶᠢᠨ | ᠰᠦᠪᠡᠭᠴᠢᠯᠡᠵᠦ᠂ ᠡᠨᠧᠷᠭᠢ ᠬᠡᠷᠡᠭᠯᠡᠬᠦ ᠬᠦᠴᠦᠨ ᠵᠦᠢᠯ ᠢ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠳᠠᠰᠢ ᠬᠡᠯᠪᠡᠶᠢᠯᠭᠡᠬᠦ ᠶᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠭᠠᠷᠭᠠᠬᠤ ᠠᠵᠢᠯ ᠲᠦᠷᠦᠯ ᠤᠨ | ᠨᠡᠭᠦᠷᠡᠰᠦᠳᠦ᠋ᠷᠦᠭᠴᠢ ᠭᠠᠳᠠᠭᠰᠢᠯᠠᠭᠤᠯᠤᠭᠰᠠᠨ ᠬᠡᠮᠵᠢᠶ᠎ᠡ ᠪᠠᠷ ᠮᠦᠩᠭᠦ ᠲᠤᠰᠢᠶᠠᠵᠤ ᠭᠡᠷ᠎ᠡ ᠪᠠᠨ ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠢᠳᠡᠪᠬᠢᠲᠡᠢ ᠪᠠᠷ ᠠᠭᠤᠰᠤᠯᠴᠠᠨ᠎ᠠ᠃ ᠪᠣᠬᠢᠷᠲᠤᠯ ᠦᠭᠡᠢ ᠴᠠᠬᠢᠯᠭᠠᠨ | ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ | ᠠᠷᠠᠯᠵᠢᠶ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠢ ᠰᠢᠩᠭᠡᠭᠡᠬᠦ ᠶᠢ ᠵᠣᠷᠢᠭᠵᠢᠭᠤᠯᠤᠨ᠎ᠠ᠃ | ᠡᠨᠧᠷᠭᠢ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠵᠦ᠂ ᠡᠨᠧᠷᠭᠢ ᠠᠷᠪᠢᠯᠠᠬᠤ ᠤᠰᠤ ᠠᠷᠪᠢᠯᠠᠬᠤ ᠵᠥᠪᠯᠡᠯᠭᠡ ᠥᠭᠬᠦ᠂ ᠣᠨᠣᠰᠢᠯᠠᠬᠤ᠂ | ᠵᠢᠷᠤᠵᠤ ᠲᠥᠯᠥᠪᠯᠡᠬᠦ᠂ ᠪᠡᠯᠡ ᠲᠣᠬᠢᠷᠠᠭᠤᠯᠬᠤ᠂ ᠥᠭᠡᠷᠡᠴᠢᠯᠡᠬᠦ᠂ ᠨᠠᠶᠢᠳᠠᠨ ᠬᠠᠮᠢᠶᠠᠷᠤᠭᠤᠯᠬᠤ ᠵᠡᠷᠭᠡ ᠶᠢ ︽ᠨᠢᠭᠡ ᠥᠷᠲᠡᠭᠡᠴᠢᠯᠡᠭᠰᠡᠨ ᠮᠠᠶ᠋ᠢᠭ︾ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠣᠷᠴᠢᠨ ᠲᠣᠭᠤᠷᠢᠨ ᠢ ᠵᠠᠰᠠᠬᠤ ᠵᠠᠬ᠎ᠠ ᠳᠡᠯᠭᠡᠭᠦᠷ ᠢ ᠵᠢᠷᠤᠮᠵᠢᠭᠤᠯᠤᠨ ᠨᠡᠭᠡᠭᠡᠵᠦ᠂ ᠣᠷᠴᠢᠨ | ᠲᠣᠭᠤᠷᠢᠨ ᠤ ᠪᠣᠬᠢᠷᠲᠤᠯ ᠢ ᠭᠤᠷᠪᠠᠳᠠᠭᠢ ᠡᠲᠡᠭᠡᠳ ᠵᠠᠰᠠᠬᠤ ᠶᠢ ᠬᠡᠷᠡᠭᠵᠢᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠵᠢᠷᠭᠤᠭ᠎ᠠ︶ ᠪᠦᠷᠢᠳᠬᠡᠵᠦ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ᠡᠨᠧᠷᠭᠢ ᠶᠢ ᠬᠡᠮᠵᠢᠬᠦ ᠪᠠ ᠪᠦᠷᠢᠳᠬᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ | ᠠᠷᠢᠭᠤᠨ ᠴᠡᠪᠡᠷ ᠦᠢᠯᠡᠳᠪᠦᠷᠢᠯᠡᠯ᠂ ᠴᠡᠪᠡᠷ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠪᠠ ᠪᠠᠷᠢᠮᠵᠢᠶ᠎ᠠ ᠶᠢ | ᠴᠢᠩᠭ᠎ᠠ ᠬᠡᠷᠡᠭᠵᠢᠬᠦᠯᠦᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠡᠮᠵᠢᠶ᠎ᠡ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠬᠡᠷᠡᠭᠯᠡᠯᠲᠡ ᠶᠢ | ᠴᠢᠩᠭᠠᠳᠬᠠᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠷᠢᠳᠬᠡᠨ ᠬᠢᠨᠠᠨ | ᠪᠣᠳᠤᠬᠤ ᠪᠠ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠤᠭᠰᠠᠨ ᠢ ᠬᠢᠨᠠᠨ ᠬᠡᠮᠵᠢᠵᠦ ᠬᠢᠨᠠᠨ | ᠪᠣᠳᠤᠬᠤ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠤᠭᠰᠠᠨ ᠰᠠᠭᠤᠷᠢ | ᠪᠠᠶᠢᠳᠠᠯ ᠤᠨ ᠪᠠᠶᠢᠴᠠᠭᠠᠯᠲᠠ ᠪᠠ ᠨᠥᠭᠡᠴᠡ ᠶᠢ ᠦᠨᠡᠯᠡᠨ ᠵᠢᠱᠢᠬᠦ ᠠᠵᠢᠯ ᠥᠷᠨᠢᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ᠂ ᠠᠮᠢ ᠠᠬᠤᠢ ᠶᠢᠨ ᠶᠠᠰᠤ | ᠴᠢᠨᠠᠷ᠂ ᠪᠣᠬᠢᠷᠲᠤᠯ ᠤᠨ ᠡᠬᠢ ᠶᠢ ᠬᠢᠨᠠᠨ ᠬᠡᠮᠵᠢᠬᠦ ᠶᠢ ᠨᠡᠶᠢᠳᠡᠮ ᠬᠠᠮᠤᠷᠤᠭᠰᠠᠨ ᠴᠢᠨᠠᠷ ᠰᠠᠶᠢᠲᠠᠢ ᠤᠶᠤᠨᠲᠤ ᠮᠡᠳᠡᠷᠡᠮᠵᠢ ᠲᠠᠢ ᠠᠮᠢ ᠠᠬᠤᠢ ᠣᠷᠴᠢᠨ ᠲᠣᠭᠤᠷᠢᠨ ᠢ | ᠬᠢᠨᠠᠨ ᠬᠡᠮᠵᠢᠬᠦ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠡ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷᠲᠤᠯ ᠤᠨ ᠡᠬᠢ ᠶᠢ ᠥᠪᠡᠰᠦᠪᠡᠨ ᠬᠢᠨᠠᠨ ᠬᠡᠮᠵᠢᠵᠦ ᠬᠢᠨᠠᠨ ᠡᠵᠡᠮᠳᠡᠬᠦ ᠶᠢ ᠵᠢᠷᠤᠮᠵᠢᠭᠤᠯᠤᠨ᠂ ᠪᠣᠬᠢᠷᠲᠤᠯ ᠤᠨ ᠡᠬᠢ ᠶᠢ ᠬᠠᠤᠯᠢ ᠬᠡᠷᠡᠭᠵᠢᠭᠦᠯᠵᠦ ᠬᠢᠨᠠᠨ | ᠬᠡᠮᠵᠢᠬᠦ ᠶᠢ ᠲᠡᠭᠦᠯᠳᠡᠷᠵᠢᠭᠦᠯᠦᠨ᠎ᠡ᠃ ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ | ᠬᠠᠭᠤᠷᠮᠠᠭ ᠢᠶᠠᠷ ᠬᠢᠬᠦ ᠶᠢ ᠰᠡᠷᠭᠡᠶᠢᠯᠡᠵᠦ᠂ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠳᠣᠯᠤᠭ᠎ᠠ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ | ᠪᠤᠵᠠᠭᠠᠶᠢᠷᠠᠭᠤᠯᠤᠨ᠎ᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠳᠤ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠭᠠᠷᠭᠠᠵᠤ ᠬᠠᠷᠢᠭᠤᠴᠠᠯᠭᠠᠲᠠᠨ | ᠲᠣᠬᠢᠷᠠᠭᠤᠯᠬᠤ ᠶᠢ ᠴᠢᠩᠭ᠎ᠠ ᠭᠡᠷᠡᠭᠵᠢᠬᠦᠯᠦᠨ᠎ᠡ᠃ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ ᠦᠨᠳᠦᠰᠦᠨ ᠱᠠᠲᠤᠨ ᠤ ᠠᠮᠢ ᠠᠬᠤᠢ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ | ᠨᠢᠭᠡᠴᠡ ᠳᠤ ᠲᠤᠰᠬᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠲᠠᠨ ᠲᠣᠬᠢᠷᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ᠂ ᠬᠠᠤᠯᠢ ᠬᠡᠷᠡᠭᠵᠢᠬᠦᠯᠵᠦ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ ᠨᠢ | ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠨᠠᠢᠮᠠ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠡᠷᠢᠭᠦᠨ ᠤ ᠮᠡᠷᠭᠡᠵᠢᠯ ᠤᠨ ᠰᠢᠪᠳᠤᠯᠤᠯᠲᠠ ᠪᠠ ᠳᠡᠯᠭᠡᠷᠡᠭᠦᠯᠦᠨ | ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠢᠯᠴᠢ ᠶᠢᠨ ᠴᠠᠬᠢᠯᠭᠠᠨ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠱᠦᠢᠨᠢ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ | ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ︵CCUS︶ ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠶᠡᠭᠡ ᠪᠠᠭᠲᠠᠭᠠᠮᠵᠢᠲᠤ ᠰᠠᠯᠬᠢᠨ ᠬᠦᠴᠦᠨ ᠤ ᠴᠠᠬᠢᠯᠭᠠᠨ᠂ ᠥᠨᠳᠥᠷ ᠦᠷ᠎ᠡ ᠠᠰᠢᠭ ᠲᠠᠢ ᠬᠡᠷᠡᠯ ᠸᠣᠯᠲ᠂ | ᠳᠣᠣᠷ᠎ᠠ ᠥᠪᠡᠷ ᠤᠨ ᠥᠷᠲᠡᠭ ᠢᠶᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠡᠷᠭᠡ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠡᠩ ᠲᠡᠷᠢᠭᠦᠨ ᠳᠤ ᠭᠤᠣᠯᠳᠠᠯᠭ᠎ᠠ ᠲᠠᠢ ᠠᠵᠢᠯ ᠲᠥᠷᠥᠯ ᠪᠠ ᠨᠥᠬᠦᠴᠡᠯ ᠳᠤ ᠲᠣᠬᠢᠷᠠᠬᠤ ᠭᠠᠵᠠᠷ | ᠣᠷᠣᠨ ᠳᠤ ᠪᠠᠷᠤᠭ ᠨᠡᠭᠦᠷᠡᠰᠦᠲᠥ᠋ᠷᠥᠭᠴᠢ ᠦᠭᠡᠢ᠂ ᠨᠡᠭᠦᠷᠡᠰᠦᠲᠥ᠋ᠷᠥᠭᠴᠢ ᠦᠭᠡᠢ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠳᠠᠬᠢᠨ ᠡᠭᠦᠰᠴᠦ ᠪᠣᠯᠬᠤ | ᠡᠨᠧᠷᠭᠢ ᠶᠢ ᠨᠡᠭᠡᠭᠡᠨ ᠬᠥᠭᠵᠢᠭᠦᠯᠬᠦ᠂ ᠪᠣᠬᠢᠷᠳᠤᠯ ᠦᠭᠡᠢ ᠤᠰᠤᠲᠥ᠋ᠷᠥᠭᠴᠢ ᠶᠢ ᠦᠢᠯᠡᠳᠴᠦ ᠭᠠᠷᠭᠠᠨ ᠠᠪᠬᠤ ᠮᠡᠷᠭᠡᠵᠢᠯ᠂ ᠪᠣᠬᠢᠷᠳᠤᠯ ᠦᠭᠡᠢ ᠤᠰᠤᠲᠥ᠋ᠷᠥᠭᠴᠢ | ᠬᠢᠭᠡᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠰᠢᠭᠯᠠᠵᠤ ᠤᠯᠠᠷᠢᠭᠤᠯᠬᠤ ᠡᠪᠴᠡᠯᠳᠦᠯ ᠤᠨ ᠮᠡᠷᠭᠡᠵᠢᠯ ᠤᠨ ᠰᠤᠳᠤᠯᠭᠠᠨ ᠢ ᠨᠡᠭᠡᠭᠡᠨ ᠬᠥᠭᠵᠢᠭᠦᠯᠵᠦ᠂ | ᠪᠠᠭ᠎ᠠ ᠨᠡᠭᠦᠷᠡᠰᠦᠳᠦ᠋ᠷᠦᠭᠴᠢᠲᠦ᠂ ᠨᠡᠭᠦᠷᠡᠰᠦᠲᠥ᠋ᠷᠥᠭᠴᠢ ᠦᠭᠡᠢ᠂ ᠰᠥᠭᠡᠷᠭᠦ ᠨᠡᠭᠦᠷᠡᠰᠦᠲᠥ᠋ᠷᠥᠭᠴᠢ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠤᠳᠤᠯᠤᠨ | ᠨᠡᠭᠡᠭᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ ᠤᠶᠤᠨᠲᠤ ᠬᠠᠮᠢᠶᠠᠷᠤᠯᠲᠠ ᠶᠢ | ᠬᠡᠷᠡᠭᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠣᠯᠣᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠡᠨᠧᠷᠭᠢ | ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭᠠᠲᠠᠨ | ᠪᠣᠯᠤᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ | ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠶᠠᠷ︶ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠬᠤ ᠶᠢ ᠴᠢᠩᠳᠠᠯᠠᠵᠤ᠂ ᠬᠢᠨᠠᠨ ᠰᠢᠯᠭᠠᠭᠰᠠᠨ ᠦᠷ᠎ᠡ | ᠳ᠋ᠦᠩ ᠢ ᠬᠤᠳᠠ ᠶᠢᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠲᠤ ᠲᠤᠰᠢᠶᠠᠨ ᠥᠭᠴᠦ ᠬᠤᠰᠢᠭᠤ ᠰᠢᠶᠠᠨ ᠲᠣᠭᠤᠷᠢᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ | ᠦᠨᠡᠯᠡᠬᠦ ᠴᠢᠬᠤᠯᠠ ᠦᠨᠳᠦᠰᠦᠯᠡᠯ ᠪᠣᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠬᠢᠨᠠᠨ ᠰᠢᠯᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ | ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠢᠵᠠᠭᠠᠷᠯᠠᠯ ᠤᠨ ᠴᠢᠨᠠᠷᠲᠠᠢ ᠬᠦᠢᠴᠡᠳᠭᠡᠯ ᠲᠤᠭ᠎ᠠ ᠶᠢᠨ ᠬᠢᠨᠠᠨ ᠰᠢᠯᠭᠠᠯᠲᠠ ᠳᠤ ᠡᠵᠡᠯᠡᠬᠦ | ᠬᠦᠨᠳᠦᠴᠡ ᠶᠢ ᠨᠡᠮᠡᠭᠳᠡᠭᠦᠯᠵᠦ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ | ᠬᠤᠷᠢᠭᠯᠠᠬᠤ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ᠂ ᠤᠯᠠᠨ | ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠬᠦᠴᠦᠯᠡᠴᠡ ᠶᠢ | ᠨᠡᠮᠡᠭᠳᠡᠭᠦᠯᠦᠨ᠎ᠡ᠃ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠭᠦᠨᠵᠡᠭᠡᠶᠢᠷᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ | ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ︶ | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠠᠷᠪᠢᠯᠠᠨ ᠭᠠᠮᠨᠠᠬᠤ ᠮᠠᠶ᠋ᠢᠭ ᠤᠨ ᠪᠠᠶᠢᠭᠤᠯᠭ᠎ᠠ᠂ ᠪᠣᠬᠢᠷᠲᠤᠯ ᠦᠭᠡᠢ ᠭᠡᠷ ᠪᠦᠯᠢ | ᠂ ᠪᠣᠬᠢᠷᠲᠤᠯ ᠦᠭᠡᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠪᠠᠷᠢᠯᠭ᠎ᠠ ᠵᠡᠷᠭᠡ ᠪᠣᠬᠢᠷᠲᠤᠯ ᠦᠭᠡᠢ | ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ | ᠦᠭᠡᠢ ᠪᠠᠭ᠎ᠠ ᠨᠡᠭᠦᠷᠡᠰᠦᠳᠦ᠋ᠷᠦᠭᠴᠢᠲᠦ ᠠᠮᠢᠳᠤᠷᠠᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃ ᠳᠡᠯᠡᠬᠡᠢ ᠶᠢᠨ ᠳᠡᠯᠡᠬᠡᠢ ᠶᠢᠨ ᠪᠥᠮᠪᠥᠷᠴᠡᠭ ᠤᠨ ᠡᠳᠦᠷ᠂ | ᠳᠡᠯᠡᠬᠡᠢ ᠶᠢᠨ ᠣᠷᠴᠢᠨ ᠲᠣᠭᠤᠷᠢᠨ ᠤ ᠡᠳᠦᠷ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠪᠦᠬᠦ ᠤᠯᠤᠰ ᠤᠨ ᠪᠠᠭ᠎ᠠ ᠨᠡᠭᠦᠷᠡᠰᠦᠳᠦ᠋ᠷᠦᠭᠴᠢᠲᠦ ᠡᠳᠦᠷ | ᠵᠡᠷᠭᠡ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠤᠯᠢ ᠲᠣᠭᠲᠠᠭᠠᠯ᠂ | ᠪᠠᠷᠢᠮᠵᠢᠶ᠎ᠠ ᠶᠢ ᠥᠷᠭᠡᠨ ᠢᠶᠠᠷ ᠤᠬᠠᠭᠤᠯᠤᠨ᠎ᠠ᠃ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠨ ᠤ ᠪᠦᠯᠬᠦᠮ᠂ | ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠨᠡᠶᠢᠲᠡ ᠶᠢᠨ | ᠠᠰᠠᠷᠠᠮᠵᠢ ᠶᠢᠨ ᠦᠢᠯᠡᠰ ᠲᠤ ᠣᠷᠤᠯᠴᠠᠬᠤ ᠶᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠪᠠᠷ ᠰᠠᠶᠢᠨ ᠳᠤᠷ᠎ᠠ ᠠᠴᠠ ᠪᠠᠨ ᠠᠮᠠᠯᠠᠬᠤ ᠠᠵᠢᠯᠯᠠᠭ᠎ᠠ ᠶᠢ | ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠨᠡᠶᠢᠲᠡ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠬᠦᠢᠴᠡᠳᠭᠡᠬᠦ ᠶᠢ ᠨᠢ ᠬᠦᠳᠦᠯᠦᠨ ᠳᠠᠭᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ᠬᠤᠲᠠ ᠶᠢᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶ | ᠳᠠᠭᠠᠯᠳᠤᠭᠤᠯᠤᠯ᠄ 1.ᠬᠦᠬᠡᠬᠤᠲᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠡᠯ᠎ᠡ ᠭᠠᠵᠠᠷ ᠣᠷᠣᠨ ᠤ ᠡᠨᠧᠷᠭᠢ ᠶᠢᠨ ᠬᠤᠷᠤᠭᠳᠠᠯ ᠤᠨ | ᠬᠦᠴᠦᠯᠡᠴᠡ ᠶᠢ ᠪᠠᠭᠤᠷᠠᠭᠤᠯᠬᠤ ᠬᠠᠷᠠᠯᠲᠠ | 2. ᠬᠦᠬᠡᠬᠤᠲᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠭᠤᠣᠯ ᠪᠣᠯᠬᠤ ᠠᠵᠢᠯ ᠲᠥᠷᠥᠯ ᠤᠨ ᠡᠨᠧᠷᠬᠢ ᠠᠷᠪᠢᠯᠠᠬᠤ | ᠭᠦᠢᠴᠡᠳᠬᠡᠯ ᠲᠤᠭ᠎ᠠ | |