ᠬᠤᠷᠢᠨᠭᠡᠷ ᠰᠢᠶᠠᠨ 2023 ᠣᠨ ᠤ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/8/16
       ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ︿ᠲᠤᠷᠰᠢᠯᠲᠠ ᠶᠢᠨ ᠰᠢᠶᠠᠨ﹀ ᠤ ᠨᠡᠷᠡᠰ ᠤᠨ ᠲᠤᠬᠠᠢ ᠵᠠᠷᠯᠠᠯ︾ ᠨᠡᠶᠢᠲᠡᠯᠡᠵᠦ᠂ ᠮᠠᠨ ᠤ ᠬᠤᠲᠠ ᠶᠢᠨ ᠬᠤᠷᠢᠨᠭᠡᠷ ᠰᠢᠶᠠᠨ ᠨᠡᠷᠡᠰ ᠲᠤ ᠲᠣᠳᠣᠷᠠᠵᠤ᠂ ᠲᠥᠪ ᠤᠨ ᠦᠢᠯᠡᠴᠢᠯᠡᠭᠡᠨ ᠤ ᠦᠢᠯᠡᠰ ᠤᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠣᠯᠪᠠ᠂ ᠡᠨᠡ ᠪᠣᠯ 2022 ᠣᠨ ᠳᠤ ᠴᠢᠩ ᠱᠦᠢ ᠾᠧ ᠰᠢᠶᠠᠨ ᠲᠤᠷᠰᠢᠯᠲᠠ ᠶᠢᠨ ᠴᠡᠭ ᠢᠶᠠᠷ ᠦᠨᠡᠯᠡᠭᠳᠡᠭᠰᠡᠨ ᠤ ᠳᠠᠷᠠᠭ᠎ᠠ᠂ ᠮᠠᠨ ᠤ ᠬᠤᠲᠠ ᠶᠢᠨ ᠬᠤᠶᠠᠳᠤᠭᠠᠷ ᠬᠤᠰᠢᠭᠤ ᠰᠢᠶᠠᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠪᠣᠯᠤᠭᠰᠠᠨ ᠶᠠᠪᠤᠳᠠᠯ ᠪᠣᠯᠣᠨ᠎ᠠ᠃      ᠣᠶᠢᠯᠠᠭᠠᠭᠰᠠᠨ ᠢᠶᠠᠷ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠂ ᠮᠥᠨᠴᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠠᠬᠢᠭᠤᠯᠬᠤ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠤᠷᠰᠢᠯᠲᠠ ᠶᠢᠨ ᠭᠤᠣᠯ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠤ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠠᠷᠠᠯᠵᠢᠶ᠎ᠠ ᠬᠤᠳᠠᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠬᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠬᠦᠷᠭᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢ ᠶᠠᠪᠤᠬᠤ ᠰᠢᠰᠲ᠋ᠧᠮ ᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠤ ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠪᠠᠭᠲᠠᠨ᠎ᠠ᠃ ᠲᠤᠷᠰᠢᠯᠲᠠ ᠶᠢᠨ ᠰᠢᠶᠠᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠣᠯ ᠰᠢᠶᠠᠨ ᠤ ᠬᠡᠪᠴᠢᠶ᠎ᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠰᠢᠶᠠᠨ ᠤ ᠬᠤᠲᠠ ᠪᠠᠷ ᠲᠥᠪ ᠪᠣᠯᠭᠠᠭᠰᠠᠨ᠂ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠭᠰᠠᠨ᠂ ᠲᠣᠰᠬᠤᠨ ᠢᠶᠠᠷ ᠰᠠᠭᠤᠷᠢ ᠪᠣᠯᠭᠠᠭᠰᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠢ  ᠦᠨᠳᠦᠰᠦᠨ ᠳᠡᠭᠡᠨ ᠪᠠᠶᠢᠭᠤᠯᠤᠨ ᠲᠡᠭᠦᠯᠳᠡᠷᠵᠢᠭᠦᠯᠦᠨ᠎ᠡ︔ ᠰᠢᠶᠠᠨ ᠤ ᠬᠤᠲᠠ ᠳᠤ ᠬᠡᠯᠬᠢᠶ᠎ᠡ ᠬᠤᠳᠠᠯᠳᠤᠭᠠᠨ ᠤ ᠬᠡᠲᠦ ᠳᠡᠯᠭᠡᠭᠦᠷ ᠪᠠ ᠪᠠᠷᠠᠭᠠᠨ ᠤ ᠭᠦᠢᠯᠭᠡᠭᠡᠨ ᠤ ᠬᠦᠷᠭᠡᠯᠲᠡ ᠶᠢᠨ ᠲᠥᠪ ᠲᠠᠢ᠂ ᠰᠢᠶᠠᠩ ᠪᠠᠯᠭᠠᠰᠤᠨ ᠳᠤ ᠠᠷᠠᠯᠵᠢᠶ᠎ᠠ ᠬᠤᠳᠠᠯᠳᠤᠭᠠᠨ ᠤ ᠲᠥᠪ ᠲᠠᠢ᠂ ᠲᠣᠰᠬᠤᠨ ᠪᠣᠯᠭᠠᠨ ᠳᠤ ᠲᠦᠷᠭᠡᠨ ᠬᠦᠷᠭᠡᠯᠲᠡ ᠨᠡᠪᠲᠡᠷᠡᠭᠰᠡᠨ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠪᠠᠭᠤᠯᠭᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠵᠠᠮ ᠮᠥᠷ ᠢ ᠰᠠᠭᠠᠳ ᠦᠭᠡᠢ ᠨᠡᠪᠲᠡᠷᠡᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ