ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠰᠢᠯᠭᠠᠷᠠᠭᠤᠯᠤᠭᠰᠠᠨ ᠦᠷ᠎ᠡ ᠳ᠋ᠦᠩ ᠨᠡᠶᠢᠲᠡᠯᠡᠭᠳᠡᠵᠦ ᠮᠠᠨ ᠤ ᠬᠤᠲᠠ ᠶᠢᠨ 5 ᠲᠣᠰᠬᠤᠨ ᠰᠣᠩᠭᠤᠭᠳᠠᠪᠠ
ᠨᠡᠶᠢᠲᠡᠯᠡᠭᠰᠡᠨ ᠴᠠᠭ᠄
2023/8/16
      ︵ᠰᠤᠷᠪᠤᠯᠵᠢᠯᠠᠭᠴᠢ ᠯᠢᠦ ᠯᠢ ᠰᠢᠶᠠ︶ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠥᠳᠡᠭᠡ ᠲᠣᠰᠬᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ﹀ ᠶᠢ ᠦᠨᠡᠯᠡᠨ ᠲᠣᠭᠲᠠᠭᠠᠬᠤ ᠪᠠ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠬᠤᠰᠢᠭᠤ ᠰᠢᠶᠠᠨ ᠠᠴᠠ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠠᠩᠬᠠᠨ ᠤ ᠬᠢᠨᠠᠯᠲᠠ᠂ ᠲᠤᠰᠬᠠᠢ ᠮᠡᠷᠭᠡᠵᠢᠯᠲᠡᠨ ᠤ ᠦᠨᠡᠯᠡᠨ ᠬᠢᠨᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ 15 ᠤ ᠡᠳᠦᠷ ︽ᠬᠥᠳᠡᠭᠡ ᠲᠣᠰᠬᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠪᠥᠬᠦ ᠣᠷᠣᠨ ᠤ 30 ᠲᠣᠰᠬᠤᠨ ᠰᠣᠩᠭᠤᠭᠳᠠᠵᠤ᠂ ᠡᠭᠦᠨ ᠳᠤ ᠮᠠᠨ ᠤ ᠬᠤᠲᠠ ᠶᠢᠨ 5 ᠲᠣᠰᠬᠤᠨ ᠪᠠᠭᠲᠠᠵᠠᠢ᠃      ᠮᠠᠨ ᠤ ᠬᠤᠲᠠ ᠶᠢᠨ ᠰᠢᠯᠭᠠᠷᠠᠭᠤᠯᠤᠯᠲᠠ ᠳᠤ ᠲᠣᠳᠤᠷᠠᠭᠰᠠᠨ 5 ᠲᠣᠰᠬᠤᠨ ᠪᠣᠯ᠄ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤ ᠶᠢᠨ ᠵᠡᠭᠦᠨ ᠤᠰᠤᠲᠤ ᠲᠣᠰᠬᠤᠨ᠂ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠤᠨ ᠬᠠᠰᠢᠶᠠᠲᠤ ᠲᠣᠰᠬᠤᠨ᠂ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤ ᠶᠢᠨ ᠵᠠᠯᠠᠨ ᠪᠠᠶᠢᠰᠢᠩ ᠲᠣᠰᠬᠤᠨ᠂ ᠲᠦᠮᠡᠳ ᠵᠡᠭᠦᠨ ᠬᠤᠰᠢᠭᠤᠨ ᠤ ᠲᠠᠪᠤᠨ ᠰᠠᠶᠢᠨ ᠪᠠᠯᠭᠠᠰᠤ ᠶᠢᠨ ᠲᠠᠪᠤᠨ ᠰᠠᠶᠢᠨ ᠲᠣᠰᠬᠤᠨ ᠪᠠ ᠪᠧᠢ ᠱᠢ ᠵᠢᠶᠧ ᠰᠢᠶᠠᠩ ᠤᠨ ᠬᠢᠶ᠎ᠠ ᠲᠠᠶᠢᠵᠢ ᠲᠣᠰᠬᠤᠨ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ