| | | 8 ᠳ᠋ᠤᠭᠠᠷ ᠰᠠᠷ᠎ᠠ ᠶᠢᠨ 15 ᠤ ᠡᠳᠦᠷ᠂ ᠴᠢᠩ ᠱᠦᠢ ᠾᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠠᠴᠠ ᠰᠢᠶᠠᠨ ᠤ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠲᠤ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠬᠡᠦᠬᠡᠳ ᠤᠨ ᠰᠡᠳᠬᠢᠯ ᠢ ᠤᠮᠳᠠᠯᠠᠵᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠠᠷᠠᠳ ᠤᠨ ᠰᠡᠳᠬᠢᠯ ᠢ | ᠳᠤᠯᠠᠭᠠᠴᠠᠭᠤᠯᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠵᠡᠢ᠃ | ᠠᠵᠢᠯᠯᠠᠭ᠎ᠠ ᠳᠤᠮᠳᠠ᠂ ᠪᠢᠴᠢᠬᠠᠨ ᠲᠠᠶᠢᠯᠪᠤᠷᠢᠯᠠᠭᠴᠢ ᠲᠤᠬᠠᠢ ᠶᠢᠨ ᠲᠠᠯᠠᠪᠤᠷ ᠲᠤ ᠪᠠᠶᠢᠭᠰᠠᠨ ᠪᠢᠴᠢᠬᠠᠨ ᠨᠠᠶᠢᠵᠠ | ᠨᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠰᠡᠯ ᠢ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠬᠦ ᠶᠢᠨ ᠬᠠᠮᠲᠤ | ᠪᠢᠴᠢᠬᠠᠨ ᠨᠠᠶᠢᠵᠠ ᠨᠠᠷ ᠤᠨ ᠳᠤᠷᠠᠳᠤᠭᠰᠠᠨ ᠠᠰᠠᠭᠤᠯᠲᠠ ᠳᠤ ᠬᠦᠯᠢᠴᠡᠩᠭᠦᠢ ᠪᠠᠷ ᠬᠠᠷᠢᠭᠤᠯᠲᠠ ᠥᠭᠪᠡ᠃ | ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠴᠢᠶᠣᠤ ᠶᠧ ᠶᠧ ᠰᠡᠭᠦᠳᠡᠷᠯᠡᠪᠡ |